蒙古文网站Logo
ᠰᠢᠨᠬᠤᠸᠠ ᠮᠤᠩᠭ᠋ᠤᠯ ᠨᠧᠲ

ᠲᠤᠮᠳᠠᠳᠤ ᠤᠷᠤᠰ ᠮᠤᠩᠭ᠋ᠤᠯ ᠬᠠᠮᠳᠤᠷᠠᠨ 《 ᠲᠦᠮᠡᠨ ᠭᠠᠵᠠᠷ ᠤᠨ ᠴᠠᠢ ᠶᠢᠨ ᠵᠠᠮ》 ᠤᠯᠠᠨ ᠤᠯᠤᠰ ᠤᠨ ᠠᠶᠠᠯᠠᠯ ᠵᠢᠭᠤᠯᠴᠢᠯᠠᠯ ᠤᠨ ᠱᠤᠭᠤᠮ ᠴᠤᠭᠴᠠᠯᠠᠵᠤ ᠪᠤᠢ

2017-08-15 17:42

    ᠰᠢᠨᠬᠤᠸᠠ ᠬᠤᠷᠢᠶ᠎ᠠ ᠬᠦᠬᠡᠬᠤᠳᠠ ᠶᠢᠨ 8 ᠰᠠᠷ᠎ᠠ ᠶᠢᠨ 13 ᠤ ᠡᠳᠤᠷ ᠤᠨ ᠴᠠᠬᠢᠯᠭᠠᠨ ᠮᠡᠳᠡᠬᠡ ( ᠰᠤᠷᠪᠤᠯᠵᠢᠯᠠᠭᠴᠢ ᠯᠢ ᠶᠦᠨ ᠫᠢᠩ) ᠰᠤᠷᠪᠤᠯᠵᠢᠯᠠᠭᠴᠢ ᠲᠤᠮᠳᠠᠳᠤ ᠤᠷᠤᠰ ᠮᠤᠩᠭ᠋ᠤᠯ ᠤᠨ 《 ᠲᠦᠮᠡᠨ ᠭᠠᠵᠠᠷ ᠤᠨ ᠴᠠᠢ ᠶᠢᠨ ᠵᠠᠮ》 ᠤᠯᠠᠨ ᠤᠯᠤᠰ ᠤᠨ ᠠᠶᠠᠯᠠᠯ ᠵᠢᠭᠤᠯᠴᠢᠯᠠᠯ ᠤᠨ ᠬᠤᠯᠪᠤᠭᠠᠨ ᠤ ᠨᠠᠷᠢᠨ ᠪᠢᠴᠢᠭ᠌ ᠤᠨ ᠭᠠᠵᠠᠷ ᠡᠴᠡ ᠣᠶᠢᠯᠠᠭᠠᠭᠰᠠᠨ ᠢᠶᠡᠷ᠂ ᠲᠤᠮᠳᠠᠳᠤ ᠤᠷᠤᠰ ᠮᠤᠩᠭ᠋ᠤᠯ ᠬᠠᠮᠳᠤᠷᠠᠨ 《 ᠲᠦᠮᠡᠨ ᠭᠠᠵᠠᠷ ᠤᠨ ᠴᠠᠢ ᠶᠢᠨ ᠵᠠᠮ》 ᠠᠶᠠᠯᠠᠯ ᠵᠢᠭᠤᠯᠴᠢᠯᠠᠯ ᠤᠨ ᠱᠤᠭᠤᠮ ᠴᠤᠭᠴᠠᠯᠠᠵᠤ᠂ 300 ᠰᠢᠬᠠᠮ ᠵᠢᠯ ᠤᠨ ᠲᠡᠦᠬᠡ ᠲᠠᠢ ᠠᠷᠠᠯᠵᠢᠶᠠᠨ ᠤ ᠵᠠᠮ ᠢ ᠤᠯᠠᠨ ᠤᠯᠤᠰ ᠤᠨ ᠠᠶᠠᠯᠠᠯ ᠵᠢᠭᠤᠯᠴᠢᠯᠠᠯ ᠤᠨ ᠪᠷᠧᠨ᠋ᠳ᠋ ᠪᠤᠯᠭᠠᠬᠤ ᠪᠡᠷ ᠲᠦᠯᠦᠪᠯᠡᠵᠤ ᠪᠠᠶᠢᠨ᠎ᠠ᠃

    ᠲᠤᠮᠳᠠᠳᠤ ᠤᠷᠤᠰ ᠮᠤᠩᠭ᠋ᠤᠯ ᠤᠨ 《 ᠲᠦᠮᠡᠨ ᠭᠠᠵᠠᠷ ᠤᠨ ᠴᠠᠢ ᠶᠢᠨ ᠵᠠᠮ》 ᠤᠯᠠᠨ ᠤᠯᠤᠰ ᠤᠨ ᠠᠶᠠᠯᠠᠯ ᠵᠢᠭᠤᠯᠴᠢᠯᠠᠯ ᠤᠨ ᠬᠤᠯᠪᠤᠭ᠎ᠠ 2016 ᠤᠨ ᠤ 7 ᠰᠠᠷ᠎ᠠ ᠶᠢᠨ 22  ᠤᠨ ᠡᠳᠤᠷ ᠪᠠᠶᠢᠭᠤᠯᠤᠭᠳᠠᠵᠤ᠂ ᠨᠠᠷᠢᠨ ᠪᠢᠴᠢᠭ᠌ ᠤᠨ ᠭᠠᠵᠠᠷ ᠢ ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠳᠤ ᠲᠤᠬᠢᠷᠠᠭᠤᠯᠵᠤ᠂ ᠡᠬᠦᠰᠬᠡᠨ ᠪᠠᠶᠢᠭᠤᠯᠤᠭᠰᠠᠨ ᠪᠠᠶᠢᠭᠤᠯᠤᠭ᠎ᠠ ᠨᠢᠬᠡᠴᠡ ᠳᠤ ᠲᠤᠮᠳᠠᠳᠤ ᠤᠯᠤᠰ ᠤᠨ ᠹᠦᠵᠢᠶᠠᠨ ᠮᠤᠵᠢ᠂ ᠵᠢᠶᠠᠩᠰᠢ ᠮᠤᠵᠢ᠂ ᠬᠤᠨᠠᠨ ᠮᠤᠵᠢ᠂ ᠬᠤᠪᠧᠢ ᠮᠤᠵᠢ᠂ ᠾᠧᠨᠠᠨ ᠮᠤᠵᠢ᠂ ᠾᠧᠪᠧᠢ ᠮᠤᠵᠢ᠂ ᠱᠠᠨ ᠰᠢ ᠮᠤᠵᠢ᠂ ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ᠂ ᠮᠤᠩᠭ᠋ᠤᠯ ᠤᠯᠤᠰ ᠤᠨ ᠤᠯᠠᠭᠠᠨᠪᠠᠭᠠᠳᠤᠷ ᠬᠤᠳᠠ ᠪᠤᠯᠤᠨ ᠤᠷᠤᠰ ᠤᠨ ᠠᠷᠤ ᠪᠠᠶᠢᠭᠠᠯ ᠤᠨ ᠬᠢᠯᠢ ᠬᠢᠵᠠᠭᠠᠷ ᠤᠷᠤᠨ᠂ ᠪᠤᠷᠢᠶᠡᠳ ᠤᠯᠤᠰ᠂ ᠢᠷᠺᠦᠼᠺ ᠵᠧᠤ ᠵᠡᠷᠬᠡ ᠭᠠᠵᠠᠷ ᠤᠨ ᠠᠶᠠᠯᠠᠯ ᠵᠢᠭᠤᠯᠴᠢᠯᠠᠯ ᠤᠨ ᠰᠠᠯᠠᠭ᠎ᠠ ᠮᠦᠴᠢᠷ ᠤᠳ ᠪᠠᠭᠳᠠᠨ᠎ᠠ᠃

    ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠤ ᠠᠶᠠᠯᠠᠯ ᠵᠢᠭᠤᠯᠴᠢᠯᠠᠯ ᠤᠨ ᠬᠦᠭ᠍ᠵᠢᠯᠳᠡ ᠶᠢᠨ ᠵᠦᠪᠯᠡᠯ ᠤᠨ ᠲᠡᠳ᠋ ᠬᠢᠨᠠᠨ ᠪᠠᠶᠢᠴᠠᠭᠠᠭᠴᠢ ᠵᠧᠩ ᠵᠢᠶᠠ ᠨᠢᠩ ᠤᠨ ᠲᠠᠨᠢᠯᠴᠠᠭᠤᠯᠤᠭᠰᠠᠨ ᠢᠶᠡᠷ᠂ ᠲᠤᠮᠳᠠᠳᠤ ᠤᠷᠤᠰ ᠮᠤᠩᠭ᠋ᠤᠯ ᠭᠤᠷᠪᠠᠨ ᠤᠯᠤᠰ ᠤᠨ ᠠᠶᠠᠯᠠᠯ ᠵᠢᠭᠤᠯᠴᠢᠯᠠᠯ ᠤᠨ ᠰᠠᠯᠠᠭ᠎ᠠ ᠮᠦᠴᠢᠷ ᠠᠶᠠᠯᠠᠯ ᠵᠢᠭᠤᠯᠴᠢᠯᠠᠯ ᠤᠨ ᠬᠤᠯᠪᠤᠯᠴᠠᠨ ᠨᠡᠪᠳᠡᠷᠡᠯᠴᠠᠬᠦ ᠪᠠᠶᠢᠭᠤᠯᠤᠯᠳᠠ ᠬᠢᠵᠦ᠂ ᠬᠢᠯᠢ ᠲᠠᠮᠨᠠᠭᠰᠠᠨ ᠠᠶᠠᠯᠠᠯ ᠵᠢᠭᠤᠯᠴᠢᠯᠠᠯ ᠤᠨ ᠴᠢᠭ ᠪᠠᠶᠢᠭᠤᠯᠵᠤ᠂ 《 ᠲᠦᠮᠡᠨ ᠭᠠᠵᠠᠷ ᠤᠨ ᠴᠠᠢ ᠶᠢᠨ ᠵᠠᠮ》 ᠤᠯᠠᠨ ᠤᠯᠤᠰ ᠤᠨ ᠠᠶᠠᠯᠠᠯ ᠵᠢᠭᠤᠯᠴᠢᠯᠠᠯ ᠤᠨ ᠱᠤᠭᠤᠮ ᠢ ᠬᠠᠮᠳᠤᠷᠠᠨ ᠴᠤᠭᠴᠠᠯᠠᠵᠤ᠂ ᠠᠶᠠᠯᠠᠯ ᠤᠨ ᠱᠤᠭᠤᠮ ᠲᠠᠭᠠᠤ ᠡᠬᠢ ᠪᠠᠶᠠᠯᠢᠭ ᠢ ᠬᠠᠮᠳᠤᠷᠠᠨ ᠠᠰᠢᠭᠯᠠᠵᠤ᠂ ᠠᠶᠠᠯᠠᠯ ᠵᠢᠭᠤᠯᠴᠢᠯᠠᠯ ᠤᠨ ᠦᠢᠯᠡᠴᠢᠯᠡᠬᠡᠨ ᠤ ᠴᠢᠨᠠᠷ ᠢᠶᠡᠨ ᠬᠠᠮᠳᠤᠪᠡᠷ ᠲᠡᠭᠡᠭ᠍ᠰᠢᠯᠡᠬᠦᠯᠵᠤ ᠬᠢᠯᠢ ᠲᠠᠮᠨᠠᠭᠰᠠᠨ ᠵᠢᠭᠤᠯᠴᠢᠳ ᠲᠤ ᠠᠶᠤᠯᠬᠦᠢ᠂ ᠲᠠᠭᠠᠯᠠᠮᠵᠢᠳᠠᠢ᠂ ᠡᠷᠡᠬᠦᠯ ᠮᠡᠨᠳᠤ ᠠᠶᠠᠯᠠᠯ ᠵᠢᠭᠤᠯᠴᠢᠯᠠᠯ ᠤᠨ ᠤᠷᠴᠢᠨ ᠬᠠᠩᠭ᠋ᠠᠨ᠎ᠠ᠃

    ᠵᠧᠩ ᠵᠢᠶᠠ ᠨᠢᠩ᠂ ᠲᠤᠮᠳᠠᠳᠤ ᠤᠷᠤᠰ ᠮᠤᠩᠭ᠋ᠤᠯ ᠭᠤᠷᠪᠠᠨ ᠤᠯᠤᠰ ᠤᠨ ᠠᠶᠠᠯᠠᠯ ᠵᠢᠭᠤᠯᠴᠢᠯᠠᠯ ᠤᠨ ᠰᠠᠯᠠᠭ᠎ᠠ ᠮᠦᠴᠢᠷ 《2017 ᠦᠵᠡᠰᠬᠦᠯᠡᠩᠳᠤ ᠲᠤᠮᠳᠠᠳᠤ ᠤᠯᠤᠰ - ᠲᠦᠮᠡᠨ ᠭᠠᠵᠠᠷ ᠤᠨ ᠴᠠᠢ ᠶᠢᠨ ᠵᠠᠮ》᠂ ᠮᠤᠩᠭ᠋ᠤᠯ ᠤᠨ ᠦᠨᠳᠤᠷᠯᠢᠭ᠌᠌ ᠤᠨ ᠴᠡᠩᠬᠡᠷ ᠠᠶᠠᠯᠠᠯ ᠵᠡᠷᠬᠡ ᠠᠶᠠᠯᠠᠯ ᠵᠢᠭᠤᠯᠴᠢᠯᠠᠯ ᠤᠨ ᠤᠬᠠᠭᠤᠯᠭ᠎ᠠ ᠰᠤᠷᠳᠠᠯᠴᠢᠯᠠᠭ᠎ᠠ ᠶᠢᠨ ᠴᠤᠪᠤᠷᠠᠯ ᠠᠵᠢᠯᠯᠠᠭ᠎ᠠ ᠶᠢ ᠵᠤᠬᠢᠶᠠᠨ ᠪᠠᠢᠢᠭᠤᠯᠪᠠ᠂ ᠵᠠᠯᠭᠠᠭᠠᠳ ᠤᠯᠠᠨ ᠤᠯᠤᠰ ᠤᠨ ᠠᠶᠠᠯᠠᠯ ᠵᠢᠭᠤᠯᠴᠢᠯᠠᠯ ᠤᠨ ᠲᠤᠰᠬᠠᠢ ᠨᠢᠰᠬᠦ ᠤᠩᠭ᠋ᠤᠴᠠ᠂ ᠤᠯᠠᠨ ᠤᠯᠤᠰ ᠤᠨ ᠠᠶᠠᠯᠠᠯ ᠵᠢᠭᠤᠯᠴᠢᠯᠠᠯ ᠤᠨ ᠲᠤᠰᠬᠠᠢ ᠭᠠᠯᠳᠤ ᠨᠡᠪᠳᠡᠷᠡᠬᠦᠯᠵᠤ᠂ ᠬᠢᠯᠢ ᠲᠠᠮᠨᠠᠭᠰᠠᠨ ᠠᠶᠠᠯᠠᠯ ᠵᠢᠭᠤᠯᠴᠢᠯᠠᠯ ᠤᠨ ᠬᠠᠮᠳᠤ ᠶᠢᠨ ᠠᠵᠢᠯᠯᠠᠭᠠᠨ ᠤ ᠤᠷᠤᠨ ᠪᠠᠶᠢᠭᠤᠯᠵᠤ᠂ ᠬᠢᠯᠢ ᠲᠠᠮᠨᠠᠭᠰᠠᠨ ᠠᠶᠠᠯᠠᠯ ᠵᠢᠭᠤᠯᠴᠢᠯᠠᠯ ᠤᠨ ᠰᠤᠯᠢᠯᠴᠠᠭᠠᠨ ᠤ ᠲᠠᠯᠳᠠ ᠬᠦᠴᠦᠨ ᠢ ᠠᠭᠤᠳᠠᠯᠠᠨ ᠠᠰᠢᠬᠯᠠᠨ᠎ᠠ ᠬᠡᠵᠡᠢ᠃

    ᠲᠤᠮᠳᠠᠳᠤ ᠤᠷᠤᠰ ᠮᠤᠩᠭ᠋ᠤᠯ ᠭᠤᠷᠪᠠᠨ ᠲᠠᠯ᠎ᠠ ᠶᠢᠨ ᠬᠢᠨ ᠬᠠᠮᠳᠤᠷᠠᠨ 《 ᠲᠦᠮᠡᠨ ᠭᠠᠵᠠᠷ ᠤᠨ ᠴᠠᠢ ᠶᠢᠨ ᠵᠠᠮ》 ᠤᠨ ᠠᠶᠠᠯᠠᠯ ᠵᠢᠭᠤᠯᠴᠢᠯᠠᠯ ᠤᠨ ᠪᠦᠲᠦᠭᠡᠭ᠍᠍᠍ᠳᠡᠬᠦᠨ ᠭᠠᠷᠭᠠᠵᠤ᠂ ᠪᠦᠰᠡ ᠨᠤᠳᠤᠭ ᠤᠨ ᠴᠢᠨᠠᠷᠲᠠᠢ ᠠᠶᠠᠯᠠᠯ ᠵᠢᠭᠤᠯᠴᠢᠯᠠᠯ ᠤᠨ ᠪᠦᠲᠦᠭᠡᠭ᠍ᠳᠡᠬᠦᠨ ᠢ ᠲᠦᠰᠦᠪᠯᠡᠵᠤ ᠶᠠᠩᠵᠤᠯᠠᠨ᠂ ᠤᠯᠤᠰ ᠤᠨ ᠬᠢᠯᠢ ᠦᠭᠡᠢ ᠠᠶᠠᠯᠠᠯ ᠵᠢᠭᠤᠯᠴᠢᠯᠠᠯ ᠤᠨ ᠪᠦᠰᠠ ᠪᠠᠶᠢᠭᠤᠯᠵᠤ᠂ ᠲᠤᠬᠠᠢ ᠶᠢᠨ ᠦᠶ᠎ᠡ ᠶᠢᠨ ᠠᠷᠠᠯᠵᠢᠶᠠᠨ ᠤ ᠵᠠᠮ ᠢ ᠲᠡᠦᠬᠡ  ᠰᠤᠶᠤᠯ ᠢᠷᠭᠡᠨᠰᠢᠯ᠂ ᠲᠠᠯ᠎ᠠ ᠨᠤᠳᠤᠭ ᠤᠨ ᠦᠵᠡᠮᠵᠢ᠂ ᠦᠨᠳᠦᠰᠦᠳᠡᠨ ᠤ ᠵᠠᠡᠭ ᠵᠠᠡᠭᠰᠢᠯ᠍᠂ ᠲᠤᠮᠤᠭ ᠦᠯᠢᠭᠡᠷ ᠂ ᠠᠵᠤ ᠦᠢᠯᠡᠳᠪᠦᠷᠢ ᠶᠢᠨ ᠠᠶᠠᠯᠠᠯ ᠵᠢᠭᠤᠯᠴᠢᠯᠠᠯ᠂ ᠬᠢᠯᠢ ᠶᠢᠨ ᠭᠠᠳᠠᠨᠠᠬᠢ ᠪᠠᠶᠢᠭᠠᠯᠢᠯᠢᠬ  ᠪᠤᠯᠤᠨ ᠬᠠᠷᠢ ᠬᠦᠷᠦᠨ ᠤ ᠦᠵᠡᠮᠵᠢ ᠶᠢ ᠬᠠᠮᠤᠷᠤᠬᠰᠠᠨ ᠬᠦᠮᠦᠰ ᠤᠨ ᠰᠤᠨᠢᠷᠬᠠᠯ ᠢ ᠲᠠᠳᠠᠳᠠᠭ ᠠᠶᠠᠯᠠᠯ ᠵᠢᠭᠤᠯᠴᠢᠯᠠᠯ ᠤᠨ ᠱᠤᠭᠤᠮ ᠢ ᠴᠤᠭᠴᠠᠯᠠᠵᠤ᠂ ᠰᠤᠶᠤᠯ ᠤᠨ ᠠᠵᠤ ᠦᠢᠯᠡᠰ ᠪᠤᠯᠤᠨ ᠠᠶᠠᠯᠠᠯ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠬᠤ ᠶᠢ ᠲᠦᠷᠭᠡᠳᠭᠡᠨ᠎ᠠ᠃

    ᠣᠶᠢᠯᠠᠭᠠᠭᠰᠠᠨ ᠢᠶᠡᠷ᠂ 《 ᠲᠦᠮᠡᠨ ᠭᠠᠵᠠᠷ ᠤᠨ ᠴᠠᠢ ᠶᠢᠨ ᠵᠠᠮ》ᠨᠢ ᠹᠦᠵᠢᠶᠠᠨ ᠮᠤᠵᠢ ᠶᠢᠨ ᠡᠦ ᠢ ᠱᠠᠨ ᠤ ᠴᠠᠢ ᠶᠢᠨ ᠭᠠᠷᠤᠯᠳᠠ ᠶᠢᠨ ᠤᠷᠤᠨ ᠡᠴᠡ ᠡᠬᠢᠯᠠᠨ ᠵᠠᠮ ᠲᠠᠭᠠᠤ ᠮᠠᠨ ᠤ ᠤᠯᠤᠰ ᠤᠨ ᠬᠤᠨᠠᠨ᠂ ᠬᠤᠪᠧᠢ᠂ ᠾᠧᠨᠠᠨ᠂ ᠱᠠᠨ ᠰᠢ᠂ ᠾᠧᠪᠧᠢ᠂ ᠦᠪᠦᠷ ᠮᠤᠩᠭ᠋ᠤᠯ ᠢᠶᠡᠷ ᠲᠠᠭᠠᠷᠢᠵᠦ᠂ ᠤᠮᠠᠷᠠᠰᠢ ᠪᠠᠨ ᠮᠤᠩᠭ᠋ᠤᠯ ᠤᠯᠤᠰ ᠂ ᠤᠷᠤᠰ ᠤᠨ ᠮᠤᠰᠺᠸᠠ ᠪᠠᠷ ᠲᠠᠮᠵᠢᠨ ᠰᠠᠨᠲ ᠫᠧᠲ᠋ᠧᠷᠪᠦᠷᠡᠭ ᠲᠤ ᠬᠦᠷᠦᠭᠰᠡᠨ ᠠᠽᠢᠶ᠎ᠠ ᠡᠧᠦ᠋ᠷᠤᠫᠠ ᠶᠢᠨ ᠡᠬᠡ ᠬᠠᠭᠤᠷᠠᠢ ᠶᠢ ᠲᠠᠮᠨᠠᠭᠰᠠᠨ ᠲᠦᠮᠡᠨ ᠭᠠᠵᠠᠷ ᠰᠤᠨᠤᠯᠵᠠᠨ ᠦᠷᠬᠦᠯᠵᠢᠯᠡᠭᠰᠡᠨ ᠴᠠᠢ ᠲᠡᠭᠡᠭᠡᠪᠦᠷᠢᠯᠡᠬᠦ ᠵᠠᠮ ᠶᠤᠮ᠂ ᠡᠨᠡ ᠵᠠᠮ ᠨᠢ ᠪᠠᠷᠤᠬ 3 ᠵᠠᠭᠤᠨ ᠤ ᠦᠷᠨᠢᠨ ᠬᠦᠭ᠍ᠵᠢᠭᠰᠡᠨ ᠲᠡᠤᠭᠡ ᠲᠠᠢ᠃ 

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120691121487751