蒙古文网站Logo
ᠰᠢᠨᠬᠤᠸᠠ ᠮᠤᠩᠭ᠋ᠤᠯ ᠨᠧᠲ

ᠬᠦᠬᠡᠨᠠᠭᠤᠷ ᠤᠨ ᠴᠦᠬᠡᠨ ᠳᠤᠭᠠᠳᠤ ᠦᠨᠳᠦᠰᠦᠳᠡᠨ ᠤ ᠤᠯᠠᠮᠵᠢᠯᠠᠯᠳᠤ ᠳᠠᠮᠢᠷ ᠤᠨ ᠴᠢᠭᠤᠯᠭᠠᠨ ᠨᠡᠬᠡᠬᠡᠯᠳᠡ ᠪᠡᠨ ᠬᠢᠪᠡ

2017-08-16 10:43

    ᠬᠦᠬᠡᠨᠠᠭᠤᠷ ᠤᠨ ᠵᠢᠷᠭᠤᠳᠤᠭᠠᠷ ᠬᠤᠭᠤᠴᠠᠭᠠᠨ ᠤ ᠴᠦᠬᠡᠨ ᠳᠤᠭᠠᠳᠤ ᠦᠨᠳᠦᠰᠦᠳᠡᠨ ᠤ ᠤᠯᠠᠮᠵᠢᠯᠠᠯᠳᠤ ᠳᠠᠮᠢᠷ ᠤᠨ ᠴᠢᠭᠤᠯᠭᠠᠨ 8 ᠰᠠᠷ᠎ᠠ ᠶᠢᠨ 14 ᠤ ᠡᠳᠦᠷ ᠬᠦᠬᠡᠨᠠᠭᠤᠷ ᠮᠤᠵᠢ ᠶᠢᠨ ᠬᠠᠢ ᠨᠠᠨ ᠵᠧᠤ ᠳᠤ ᠨᠡᠬᠡᠬᠡᠯᠳᠡ ᠪᠡᠨ ᠬᠢᠭᠰᠡᠨ ᠪᠠᠶᠢᠨ᠎ᠠ᠃

    ᠳᠦᠷᠪᠡᠨ ᠵᠢᠯ ᠳᠤᠳᠤᠮ ᠨᠢᠬᠡ ᠤᠳᠠᠭ᠎ᠠ ᠵᠤᠬᠢᠶᠠᠨ ᠪᠠᠶᠢᠭᠤᠯᠤᠭᠳᠠᠳᠠᠭ ᠡᠨᠡᠬᠦ ᠴᠢᠭᠤᠯᠭᠠᠨ ᠨᠢ ᠬᠦᠬᠡᠨᠠᠭᠤᠷ ᠮᠤᠵᠢ ᠶᠢᠨ ᠪᠠᠷᠢᠮᠵᠢᠶ᠎ᠠ ᠬᠠᠮᠤᠭ ᠤᠨ ᠦᠨᠳᠦᠷ᠂ ᠬᠦᠷᠢᠶ᠎ᠡ ᠴᠠᠷᠠᠭ᠎ᠠ ᠬᠠᠮᠤᠭ ᠤᠨ ᠳᠤᠮᠤ ᠶᠡᠷᠦᠩᠬᠡᠶᠢᠯᠡᠭᠰᠡᠨ ᠰᠢᠨᠵᠢᠳᠡᠢ ᠦᠨᠳᠦᠰᠦᠳᠡᠨ ᠤ ᠤᠯᠠᠮᠵᠢᠯᠠᠯᠳᠤ ᠪᠡᠶ᠎ᠡ ᠶᠢᠨ ᠳᠠᠮᠢᠷ ᠤᠨ ᠠᠵᠢᠯᠯᠠᠭ᠎ᠠ ᠪᠤᠯᠤᠨ᠎ᠠ᠃ ᠡᠨᠡᠬᠦ ᠴᠢᠭᠤᠯᠭᠠᠨ ᠢᠶᠡᠷ ᠤᠷᠤᠯᠳᠤᠭᠠᠨ ᠤ ᠳᠦᠰᠦᠯ ᠳᠤ 10 ᠳᠤᠮᠤ ᠤᠷᠤᠯᠳᠤᠭᠠᠨ ᠪᠠ 50 ᠵᠢᠵᠢᠭ᠌ ᠤᠷᠤᠯᠳᠤᠭᠠᠨ᠂ ᠦᠵᠡᠬᠦᠯᠦᠯᠬᠡ ᠶᠢᠨ ᠤᠷᠤᠯᠳᠤᠭᠠᠨ ᠤ ᠳᠦᠰᠦᠯ ᠳᠤ 19 ᠲᠦᠷᠦᠯ ᠳᠤᠬᠢᠷᠠᠭᠤᠯᠪᠠ᠃ ᠪᠠᠰᠠ ᠡᠷᠡᠭᠳᠢ ᠢᠢᠨ ᠬᠦᠯ ᠪᠦᠮᠪᠦᠬᠡᠨ ᠤᠷᠤᠯᠳᠤᠭᠠᠨ ᠪᠤᠯᠤᠨ ᠡᠮᠡᠭᠳᠡᠢ ᠶᠢᠨ ᠰᠤᠷ ᠬᠠᠷᠪᠤᠯᠳᠠ ᠶᠢᠨ ᠤᠷᠤᠯᠳᠤᠭᠠᠨ ᠢ ᠠᠩᠬ᠎ᠠ ᠵᠤᠬᠢᠶᠠᠨ ᠪᠠᠶᠢᠭᠤᠯᠬᠤ ᠳᠡᠳᠦᠢ ᠦᠬᠡᠢ ᠳᠦᠪᠡᠳ ᠬᠤᠪᠴᠠᠰᠤ ᠵᠠᠰᠠᠯ ᠤᠨ ᠰᠤᠶᠤᠯ ᠤᠨ ᠨᠠᠶᠢᠷ᠂ ᠳᠦᠪᠡᠳ ᠬᠤᠪᠴᠠᠰᠤ ᠵᠠᠰᠠᠯ ᠤᠨ ᠦᠵᠡᠰᠬᠦᠯᠡᠩ᠂ ᠮᠢᠩᠭᠠᠨ ᠬᠦᠮᠦᠨ ᠤ ᠤᠯᠠᠮᠵᠢᠯᠠᠯᠳᠤ ᠪᠦᠵᠢᠭ᠌ ᠵᠡᠷᠬᠡ ᠤᠯᠠᠨ ᠰᠠᠶᠢᠬᠠᠨ ᠠᠵᠢᠯᠯᠠᠭ᠎ᠠ ᠵᠤᠬᠢᠶᠠᠨ ᠪᠠᠶᠢᠭᠤᠯᠬᠤ ᠪᠤᠯᠤᠨ᠎ᠠ᠃

ᠢᠷᠡᠯᠳᠡ᠄ ᠰᠢᠨᠬᠤᠧᠠ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120701121491445