蒙古文网站Logo
ᠰᠢᠨᠬᠤᠸᠠ ᠮᠤᠩᠭ᠋ᠤᠯ ᠨᠧᠲ

ᠪᠤᠭᠤᠲᠤ᠄ ᠬᠠᠭᠤᠴᠢᠨ ᠠᠵᠤ ᠦᠢᠯᠡᠳᠪᠦᠷᠢ ᠶᠢᠨ ᠬᠤᠲᠠ ᠡᠴᠡ ᠪᠡᠨ ᠠᠮᠢᠵᠢᠷᠠᠯ ᠪᠢᠯᠬᠠᠭᠰᠠᠨ ᠰᠢᠨ᠎ᠡ ᠬᠤᠲᠠ ᠪᠤᠯᠪᠠ

2017-08-18 10:03

    ᠰᠢᠨᠬᠤᠧᠠ ᠬᠤᠷᠢᠶ᠎ᠠ   ᠬᠦᠬᠡᠬᠤᠲᠠ ᠶᠢᠨ 8 ᠰᠠᠷ᠎ᠠ ᠶᠢᠨ 10 ᠤ ᠡᠲᠦᠷ ᠤᠨ ᠴᠠᠬᠢᠯᠭᠠᠨ ᠮᠡᠲᠡᠭᠡ ᠪᠤᠭᠤᠲᠤ ᠬᠤᠲᠠ ᠪᠤᠯ ᠤᠯᠤᠰ ᠤᠨ ᠭᠤᠤᠯᠲᠠᠯᠭᠠᠲᠤ ᠲᠦᠰᠦᠯ ᠤᠨ ᠪᠦᠲᠦᠭᠡᠨ ᠪᠠᠶᠢᠭᠤᠯᠤᠯᠲᠠ ᠶᠢᠨ ᠲᠠᠭᠠᠤ ᠬᠦᠭ᠍ᠵᠢᠭᠰᠡᠨ ᠬᠠᠭᠤᠴᠢᠨ ᠠᠵᠤ ᠦᠢᠯᠡᠳᠪᠦᠷᠢ ᠶᠢᠨ ᠬᠤᠲᠠ ᠮᠦᠷᠳᠡᠭᠡᠨ ᠰᠢᠨᠵᠢᠯᠡᠬᠦ ᠤᠬᠠᠭᠠᠨ ᠲᠧᠭ᠍ᠨᠤᠯᠤᠬᠢ ᠰᠢᠨ᠎ᠡ ᠡᠭᠦᠲᠦᠯᠲᠡ ᠶᠢᠨ ᠲᠠᠭᠠᠭᠤᠯᠤᠭᠴᠢ᠂ ᠠᠵᠤ ᠦᠢᠯᠡᠰ ᠤᠨ ᠰᠢᠰᠲ᠋ᠧᠮ ᠤᠨ ᠪᠦᠷᠢᠨ ᠪᠦᠲᠦᠨ᠂ ᠴᠢᠲᠠᠪᠤᠷᠢᠲᠠᠨ ᠤ ᠬᠡᠪᠴᠢᠶᠠᠵᠢᠯ ᠲᠦᠪᠯᠡᠷᠡᠭᠰᠡᠨ ᠠᠮᠢᠵᠢᠷᠠᠯ ᠪᠢᠯᠬᠠᠭᠰᠠᠨ ᠰᠢᠨ᠎ᠡ ᠬᠤᠲᠠ ᠪᠠᠶᠢᠭ᠎ᠠ ᠶᠤᠮ᠃

    70 ᠵᠢᠯ ᠤᠨ ᠲᠤᠷᠰᠢ᠂ ᠦᠪᠦᠷ ᠮᠤᠩᠭ᠋ᠤᠯ ᠤᠨ ᠪᠤᠭᠤᠲᠤ ᠬᠤᠲᠠ ᠪᠤᠯᠤᠳ ᠲᠡᠮᠦᠷ᠂ ᠬᠤᠪᠤᠷ ᠰᠢᠷᠤᠢ ᠵᠡᠷᠭᠡ ᠲᠠᠪᠠᠭᠤᠯᠢᠭ ᠡᠬᠢ ᠪᠠᠶᠠᠯᠢᠭ ᠲᠠᠭᠠᠨ ᠲᠦᠰᠢᠭᠯᠡᠨ᠂ ᠰᠢᠨᠵᠢᠯᠡᠬᠦ ᠤᠬᠠᠭᠠᠨᠴᠢ ᠲᠧᠭ᠍ᠨᠤᠯᠤᠬᠢ ᠰᠢᠨ᠎ᠡ ᠡᠬᠦᠲᠦᠯᠲᠡ ᠶᠢᠨ ᠬᠦᠲᠡᠯᠭᠡᠭ᠍ᠴᠢ ᠬᠦᠴᠦᠨ ᠢᠶᠡᠨ ᠴᠢᠩᠭ᠋ᠠᠳᠬᠠᠵᠤ ᠢᠲᠡᠪᠬᠢᠲᠡᠢ ᠪᠡᠷ ᠰᠢᠨ᠎ᠡ ᠡᠨᠧ᠋ᠷᠬᠢ᠂ ᠰᠢᠨ᠎ᠡ ᠮᠠᠲ᠋ᠧᠷᠢᠶᠠᠯ᠂ ᠲᠡᠭᠡᠳᠦ ᠲᠦᠪᠰᠢᠨ ᠤ ᠲᠤᠨᠤᠭ ᠲᠦᠬᠦᠭᠡᠷᠦᠮᠵᠢ᠂ ᠲᠤᠮᠤ ᠳ᠋ᠠᠶᠢᠲ᠋ᠠ ᠵᠡᠷᠭᠡ ᠪᠠᠶᠢᠯᠲᠤᠬᠤ ᠪᠤᠲᠤᠯᠭ᠎ᠠ ᠶᠢᠨ ᠴᠢᠨᠠᠷᠲᠠᠢ ᠰᠢᠨ᠎ᠡ ᠪᠡᠷ ᠮᠠᠨᠲᠤᠭᠰᠠᠨ ᠠᠵᠤ ᠦᠢᠯᠡᠰ ᠢ ᠬᠦᠭ᠍ᠵᠢᠬᠦᠯᠵᠦ᠂ ᠴᠡᠷᠢᠭ ᠠᠷᠠᠳ ᠤᠨ ᠠᠭᠤᠰᠤᠯᠴᠠᠭ᠎ᠠ ᠭᠤᠯᠲᠤ ᠴᠢᠭᠯᠡᠯ ᠢᠶᠡᠷ ᠭᠦᠨᠵᠡᠭᠡᠢ ᠬᠦᠭ᠍ᠵᠢᠵᠦ᠂ ᠡᠳ᠋ ᠤᠨ ᠵᠠᠰᠠᠭ ᠤᠨ ᠪᠦᠲᠦᠴᠡ ᠲᠡᠰ ᠲᠡᠪᠰᠢᠨ ᠲᠦᠷᠭᠡᠳᠴᠦ᠂ ᠬᠠᠭᠤᠴᠢᠨ ᠰᠠᠭᠤᠷᠢᠨ ᠰᠢᠨ᠎ᠡ ᠠᠮᠢᠵᠢᠷᠠᠯ ᠤᠨ ᠬᠦᠴᠦᠨ ᠢᠶᠡᠷ ᠪᠢᠯᠬᠠᠵᠤ ᠪᠠᠶᠢᠨ᠎ᠠ᠃

    ᠴᠡᠷᠢᠭ ᠠᠷᠠᠳ ᠠᠭᠤᠰᠤᠯᠴᠠᠨ ᠬᠦᠭ᠍ᠵᠢᠨ᠎ᠡ

    ᠰᠡᠬᠦᠯ ᠤᠨ ᠵᠢᠯ ᠡᠴᠡ ᠨᠠᠰᠢ᠂ ᠪᠤᠭᠤᠲᠤ ᠬᠤᠲᠠ ᠴᠡᠷᠢᠭ ᠠᠷᠠᠳ ᠬᠠᠮᠲᠤ ᠪᠡᠷ ᠪᠠᠶᠢᠭᠤᠯᠵᠤ᠂ ᠠᠭᠤᠰᠤᠯᠴᠠᠨ ᠬᠦᠭ᠍ᠵᠢᠬᠦ ᠶᠢ ᠪᠠᠷᠢᠮᠲᠠᠯᠠᠪᠠ᠃ ᠦᠪᠦᠷ ᠮᠤᠩᠭ᠋ᠤᠯ ᠤᠨ ᠪᠧᠢ ᠵᠦᠩ ᠪᠦᠯᠦᠭᠯᠡᠯ ᠦᠢᠯᠡᠳᠬᠦᠨ ᠤ ᠪᠦᠲᠦᠴᠡ ᠪᠠᠨ ᠲᠠᠰᠤᠷᠠᠯᠲᠠ ᠦᠭᠡᠢ ᠰᠢᠯᠢᠲᠡᠭᠵᠢᠬᠦᠯᠦᠨ ᠲᠡᠰ ᠲᠡᠪᠰᠢᠬᠦᠯᠵᠦ᠂ ᠴᠡᠷᠢᠭ ᠠᠷᠠᠳ ᠠᠭᠤᠰᠤᠯᠴᠠᠨ᠂ ᠤᠬᠢ ᠰᠤᠲᠤᠨ ᠮᠡᠷᠭᠡᠵᠢᠯ ᠲᠠᠢ ᠲᠤᠨᠤᠭ ᠲᠦᠬᠦᠭᠡᠷᠦᠮᠵᠢ ᠶᠢ ᠦᠢᠯᠡᠳᠬᠦ ᠬᠦᠭ᠍ᠵᠢᠯᠲᠠ ᠶᠢᠨ ᠰᠢᠨ᠎ᠡ ᠵᠠᠮ ᠲᠠᠢ ᠪᠤᠯᠪᠠ᠃ ᠪᠦᠯᠦᠭᠯᠡᠯ ᠤᠨ ᠲᠡᠳ᠋ ᠵᠠᠬᠢᠷᠤᠯ ᠭᠤᠤ ᠸᠸᠨ ᠬᠠᠢ ᠶᠢᠨ ᠬᠡᠯᠡᠬᠦ ᠪᠡᠷ᠂ 《13• 5 》 ᠬᠦᠭ᠍ᠵᠢᠯᠲᠠ ᠶᠢᠨ ᠲᠦᠰᠦᠯ ᠤᠨ ᠬᠤᠭᠤᠴᠠᠭᠠᠨ ᠳ᠋ᠤ ᠠᠭᠤᠷᠬᠠᠢ ᠳ᠋ᠤ ᠬᠡᠷᠡᠭᠯᠡᠬᠦ ᠲᠡᠷᠭᠡ ᠪᠠ ᠢᠨᠵᠧᠨ᠋᠋ᠧᠷᠢᠩ ᠤᠨ ᠮᠧᠬᠠᠨᠢᠭ ᠤᠨ ᠵᠠᠬ᠎ᠠ ᠵᠡᠬᠡᠯᠢ ᠶᠢᠨ ᠦᠷᠭᠡᠳᠭᠡᠯᠲᠡ ᠶᠢᠨ ᠠᠵᠢᠯ ᠲᠤᠭᠲᠠᠭᠤᠨ ᠤ ᠲᠤᠮᠲᠠ ᠲᠡᠭᠡᠭ᠍ᠰᠢᠯᠡᠯᠲᠡ ᠲᠠᠢ᠂ ᠤᠬᠢ ᠰᠤᠲᠤᠨ ᠪᠦᠲᠦᠭᠡᠭ᠍ᠲᠡᠬᠦᠨ ᠬᠢᠵᠦ ᠠᠵᠤ ᠠᠬᠤᠶᠢᠯᠠᠯ ᠤᠨ ᠨᠡᠷᠡᠲᠦ ᠲᠡᠮᠲᠡᠭᠲᠦ ᠶᠢ ᠡᠭᠦᠳᠬᠦ ᠪᠡᠨ ᠪᠠᠷᠢᠮᠲᠠᠯᠠᠵᠤ᠂ ᠵᠠᠬ᠎ᠡ ᠵᠡᠭᠡᠯᠢ ᠶᠢᠨ ᠬᠠᠩᠭ᠋ᠠᠯᠭ᠎ᠠ ᠬᠡᠷᠡᠭᠴᠡᠭᠡᠨ ᠳ᠋ᠤ ᠲᠤᠬᠢᠷᠠᠭᠰᠠᠨ ᠦᠷᠬᠦᠯᠵᠢᠯᠡᠬᠦᠶᠢᠴᠡ ᠬᠦᠭ᠍ᠵᠢᠯᠲᠠ ᠶᠢᠨ ᠵᠠᠮ ᠪᠡᠷ ᠵᠠᠮᠨᠠᠬᠤ ᠪᠡᠷ ᠪᠠᠶᠢᠨ᠎ᠠ ᠭᠡᠵᠡᠢ᠃᠋

    ᠪᠧᠢ ᠵᠦᠩ ᠪᠦᠯᠦᠭᠯᠡᠯ ᠤᠨ ᠬᠡᠯᠪᠡᠷᠢ ᠶᠢᠨ ᠬᠤᠪᠢᠷᠠᠭᠤᠯᠤᠯᠲᠠ ᠪᠤᠯ ᠪᠤᠭᠤᠲᠤ ᠬᠤᠲᠠ ᠶᠢᠨ ᠴᠡᠷᠢᠭ ᠪᠠ ᠤᠷᠤᠨ ᠨᠤᠲᠤᠭ ᠬᠠᠮᠲᠤ ᠪᠡᠷ ᠪᠠᠶᠢᠭᠤᠯᠵᠤ᠂ ᠴᠡᠷᠢᠭ ᠠᠷᠠᠳ ᠤᠨ ᠠᠭᠤᠰᠤᠯᠴᠠᠭ᠎ᠠ ᠬᠦᠨᠵᠡᠭᠡᠢ ᠬᠦᠭ᠍ᠵᠢᠯᠲᠠ ᠶᠢᠨ ᠬᠤᠷᠢᠶᠠᠩᠭ᠋ᠤᠢ ᠲᠦᠷᠰᠦ ᠮᠦᠨ᠃ ᠪᠤᠭᠤᠲᠤ ᠬᠤᠲᠠ ᠳ᠋ᠤ ᠴᠡᠷᠢᠭ ᠤᠨ ᠠᠵᠤ ᠠᠬᠤᠶᠢᠯᠠᠯ ᠲᠦᠪᠯᠡᠷᠡᠵᠦ᠂ ᠠᠵᠤ ᠦᠢᠯᠡᠰ ᠤᠨ ᠲᠡᠳ᠋ ᠪᠦᠲᠦᠴᠡ ᠬᠦᠢᠴᠡᠳ᠂ 8 ᠵᠢᠯ ᠲᠠᠷᠠᠭᠠᠯᠠᠨ 《 ᠤᠯᠤᠰ ᠲᠠᠶᠠᠭᠠᠷ ᠤᠨ ᠬᠤᠶᠠᠷ ᠢ ᠬᠦᠷᠢᠶᠡᠯᠡᠭᠰᠡᠨ ᠵᠢᠱᠢᠶ᠎ᠡ ᠦᠵᠡᠬᠦᠯᠬᠦ ᠬᠤᠲᠠ 》 ᠪᠡᠷ ᠦᠨᠡᠯᠡᠭᠲᠡᠵᠦ᠂ ᠴᠡᠷᠢᠭ ᠨᠢ ᠠᠷᠠᠳ ᠢᠶᠡᠨ ᠬᠠᠶᠢᠷᠠᠯᠠᠬᠤ᠂ ᠠᠷᠠᠳ ᠨᠢ ᠴᠡᠷᠢᠭ ᠢᠶᠡᠨ ᠬᠦᠷᠢᠶᠡᠯᠡᠬᠦ ᠮᠠᠭᠲᠠᠭᠠᠯ ᠲᠠᠭᠤᠤ ᠲᠠᠯ᠎ᠠ ᠨᠤᠲᠤᠭ ᠤᠨ ᠪᠤᠯᠤᠳ ᠤᠨ ᠬᠤᠲᠠ ᠳ᠋ᠤ ᠲᠠᠭᠤᠯᠠᠭᠲᠠᠨ᠎ᠠ᠃

    ᠡᠨᠡ ᠤᠨ ᠤ 1 ᠰᠠᠷ᠎ᠠ ᠡᠴᠡ 9 ᠰᠠᠷ᠎ᠠ ᠶᠢᠨ ᠬᠤᠭᠤᠷᠤᠨᠲᠤ᠂ ᠦᠪᠦᠷ ᠮᠤᠩᠭ᠋ᠤᠯ ᠤᠨ ᠨᠢᠭᠡᠲᠦᠭᠡᠷ ᠮᠠᠰᠢᠨ ᠮᠧᠬᠠᠨᠢᠭ ᠤᠨ ᠪᠦᠯᠦᠭᠯᠡᠯ ᠤᠨ ᠴᠡᠷᠢᠭ ᠠᠷᠠᠳ ᠠᠭᠤᠰᠤᠯᠴᠠᠭᠰᠠᠨ ᠲᠤᠬᠠᠶᠢᠯᠠᠭᠰᠠᠨ ᠠᠵᠢᠯ ᠤᠨ ᠬᠡᠷ᠎ᠡ 1.58 ᠳ᠋ᠦᠩᠰᠢᠭᠤᠷ ᠲᠦᠭᠦᠷᠢᠭ᠌ ᠬᠦᠷᠴᠦ᠂ ᠠᠳᠠᠯᠢ ᠬᠤᠭᠤᠴᠠᠭᠠᠨ ᠤ ᠬᠢ ᠡᠴᠡ 51.3ᠪᠡᠷ ᠨᠡᠮᠡᠭᠲᠡᠪᠡ᠃ ᠲᠡᠭᠡᠳᠦ ᠬᠠᠮᠠᠭᠠᠯᠠᠯᠲᠠ ᠲᠠᠢ ᠤᠨᠴᠠᠭᠠᠢ ᠲᠦᠷᠦᠯ ᠤᠨ ᠲᠡᠷᠭᠡ᠂ ᠭᠢᠨᠵᠢᠳᠦ ᠤᠨᠴᠠᠭᠠᠢ ᠲᠦᠷᠦᠯ ᠤᠨ ᠭᠠᠯ ᠤᠨᠲᠠᠷᠠᠭᠠᠬᠤ ᠵᠢᠴᠢ ᠢᠵᠢ ᠪᠦᠷᠢᠲᠦᠭᠰᠡᠨ ᠦᠢᠯᠡᠳᠬᠦᠨ ᠵᠡᠷᠭᠡ ᠪᠡᠷ ᠲᠦᠯᠦᠭᠡᠯᠡᠬᠦᠯᠦᠭᠰᠡᠨ ᠦᠢᠯᠡᠳᠬᠦᠨ ᠤ ᠪᠤᠷᠤᠯᠠᠭᠤᠯᠤᠯᠲᠠ ᠰᠠᠶᠢᠨ ᠪᠠᠶᠢᠵᠤ᠂ ᠪᠦᠯᠦᠭᠯᠡᠯ ᠨᠢ ᠬᠠᠮᠤᠭ ᠤᠨ ᠶᠡᠬᠡ ᠬᠦᠴᠦᠨ ᠢᠶᠡᠷ ᠴᠡᠷᠢᠭ ᠠᠷᠠᠳ ᠠᠭᠤᠰᠤᠯᠴᠠᠨ ᠬᠦᠭ᠍ᠵᠢᠵᠦ ᠪᠦᠬᠦᠢ ᠬᠦᠲᠡᠯᠭᠡᠭ᠍ᠴᠢ ᠬᠦᠴᠦᠨ ᠪᠠ ᠦᠰᠦᠯᠲᠡ ᠶᠢᠨ ᠴᠡᠭ᠍ ᠢ ᠬᠦᠭ᠍ᠵᠢᠬᠦᠯᠵᠦ ᠪᠤᠢ᠃

    ᠪᠤᠭᠤᠲᠤ ᠬᠤᠲᠠ ᠴᠦᠮ᠎ᠡ ᠶᠢᠨ ᠴᠠᠬᠢᠯᠭᠠᠨ ᠤ ᠠᠵᠤ ᠦᠢᠯᠡᠰ᠂ ᠲᠡᠭᠡᠳᠦ ᠵᠡᠷᠭᠡ ᠶᠢᠨ ᠲᠤᠨᠤᠭ ᠲᠦᠬᠦᠭᠡᠷᠦᠮᠵᠢ᠂ ᠬᠤᠪᠤᠷ ᠰᠢᠷᠤᠢ ᠰᠢᠨ᠎ᠡ ᠮᠠᠲ᠋ᠸᠷᠢᠶᠠᠯ᠂ ᠪᠠᠯ ᠴᠢᠯᠠᠭᠤᠨ ᠰᠢᠨ᠎ᠡ ᠮᠠᠲ᠋ᠧᠷᠢᠶᠠᠯ ᠵᠡᠷᠭᠡ 4 ᠴᠡᠷᠢᠭ ᠠᠷᠠᠳ ᠤᠨ ᠠᠭᠤᠰᠤᠯᠴᠠᠭᠰᠠᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠡᠷ ᠢᠶᠡᠨ ᠠᠬᠢᠭᠤᠯᠵᠤ᠂ ᠢᠷᠡᠭᠡᠲᠦᠢ ᠳ᠋ᠤ ᠤᠯᠤᠰ ᠤᠨ ᠴᠡᠷᠢᠭ ᠠᠷᠠᠳ ᠠᠭᠤᠰᠤᠯᠴᠠᠨ ᠰᠢᠨ᠎ᠡ ᠶᠢ ᠡᠭᠦᠳᠬᠦ ᠶᠢ ᠠᠬᠢᠭᠤᠯᠬᠤ ᠲᠦᠪ᠂ ᠴᠡᠷᠢᠭ ᠠᠷᠠᠳ ᠠᠭᠤᠰᠤᠯᠴᠠᠭᠰᠠᠨ ᠰᠢᠨᠵᠢᠯᠡᠬᠦ ᠤᠬᠠᠭᠠᠨ ᠲᠧᠭ᠍ᠨᠤᠯᠤᠬᠢ ᠶᠢᠨ ᠦᠨᠡᠯᠡᠯᠲᠡ ᠶᠢᠨ ᠲᠦᠪ ᠪᠠ ᠴᠡᠷᠢᠭ ᠠᠷᠠᠳ ᠠᠭᠤᠰᠤᠯᠴᠠᠭᠰᠠᠨ ᠲᠤᠭ᠎ᠠ ᠪᠠᠷᠢᠮᠲᠠ ᠶᠢᠨ ᠲᠦᠪ ᠢ ᠪᠠᠶᠢᠭᠤᠯᠵᠤ᠂ ᠤᠯᠤᠰ ᠤᠨ ᠴᠡᠷᠢᠭ ᠠᠷᠠᠳ ᠠᠭᠤᠰᠤᠯᠴᠠᠭᠰᠠᠨ ᠵᠢᠱᠢᠶ᠎ᠠ ᠦᠵᠡᠬᠦᠯᠬᠦ ᠲᠤᠭᠤᠷᠢᠭ ᠢ ᠪᠦᠲᠦᠭᠡᠨ ᠪᠠᠶᠢᠭᠤᠯᠬᠤ ᠪᠡᠷ ᠪᠤᠢ᠃

    ᠰᠢᠨᠵᠢᠯᠡᠬᠦ ᠤᠬᠠᠭᠠᠨᠴᠢ ᠲᠧᠭ᠍ᠨᠤᠯᠤᠬᠢ ᠶᠢᠨ ᠰᠢᠨ᠎ᠡ ᠡᠬᠦᠲᠦᠯᠲᠡ ᠨᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠪᠠ

    ᠦᠢᠯᠡᠴᠢᠯᠡᠭᠡᠨ ᠤ ᠲᠦᠷᠦᠯ ᠤᠨ ᠬᠦᠷᠦᠩᠭᠡ ᠤᠷᠤᠭᠤᠯᠤᠯᠲᠠ 50ᠶᠢ ᠡᠵᠡᠯᠡᠵᠦ᠂ ᠭᠤᠷᠪᠠ ᠤᠲᠠᠭ᠎ᠠ ᠠᠵᠤ ᠦᠢᠯᠡᠰ ᠤᠨ ᠪᠦᠲᠦᠴᠡ ᠪᠠᠨ ᠰᠢᠯᠢᠲᠡᠭᠵᠢᠬᠦᠯᠵᠦ᠂ ᠰᠢᠯᠢᠲᠡᠭ ᠴᠢᠨᠠᠷ ᠤᠨ ᠪᠤᠯᠤᠳ᠂ ᠤᠨᠴᠠ ᠲᠦᠷᠦᠯ ᠤᠨ ᠪᠤᠯᠤᠳ 80ᠳ᠋ᠤ ᠬᠦᠷᠴᠦ᠂ ᠴᠠᠬᠢᠯᠭᠠᠨ ᠢᠶᠡᠷ ᠬᠦᠩᠭᠡᠨᠴᠠᠭᠠᠨ ᠢ ᠲᠤᠬᠠᠢ ᠶᠢᠨ ᠤᠷᠤᠨ ᠢᠶᠡᠷ ᠬᠤᠪᠢᠯᠭᠠᠬᠤ ᠴᠢᠲᠠᠮᠵᠢ ᠠᠯᠭᠤᠷ ᠲᠡᠭᠡᠭ᠍ᠰᠢᠯᠡᠪᠡ ᠁ ᠬᠡᠯᠪᠡᠷᠢ ᠪᠠᠨ ᠬᠤᠪᠢᠷᠠᠭᠤᠯᠵᠤ ᠬᠦᠭ᠍ᠵᠢᠬᠦ ᠦᠢᠯᠡᠳᠦᠯᠭᠡ ᠶᠢᠨ ᠲᠤᠮᠲᠠ ᠪᠤᠭᠤᠲᠤ ᠬᠤᠲᠠ ᠡᠬᠢ ᠪᠠᠶᠠᠯᠢᠭ ᠤᠨ ᠲᠠᠪᠠᠭᠤᠯᠢᠭ ᠢᠶᠡᠨ ᠬᠦᠢᠴᠡᠳ ᠪᠠᠲᠠᠷᠠᠭᠤᠯᠵᠤ᠂ ᠪᠦᠬᠦ ᠬᠦᠴᠦᠨ ᠢᠶᠡᠷ ᠢᠶᠡᠨ ᠰᠢᠨ᠎ᠡ ᠶᠢ ᠡᠭᠦᠳᠬᠦ ᠰᠢᠨ᠎ᠡ ᠬᠦᠲᠡᠯᠭᠡᠭ᠍ᠴᠢ ᠬᠦᠴᠦᠨ ᠢ ᠠᠬᠢᠭᠤᠯᠤᠭᠰᠠᠨ ᠢᠶᠡᠷ ᠪᠤᠯᠤᠳ᠂ ᠬᠦᠩᠭᠡᠨᠴᠠᠭᠠᠨ᠂ ᠲᠦᠬᠦᠭᠡᠷᠦᠮᠵᠢ ᠦᠢᠯᠡᠳᠬᠦ᠂ ᠡᠨᠧᠷᠬᠢ᠂ ᠬᠤᠪᠤᠷ ᠰᠢᠷᠤᠢ᠂ ᠨᠡᠬᠦᠷᠡᠰᠦ ᠬᠢᠮᠢ ᠶᠢᠨ ᠠᠵᠤ ᠦᠢᠯᠡᠳᠪᠦᠷᠢ ᠵᠡᠷᠭᠡ ᠵᠢᠷᠭᠤᠭᠠᠨ ᠠᠵᠤ ᠦᠢᠯᠡᠰ ᠤᠨ ᠴᠤᠭᠯᠠᠷᠠᠯ ᠪᠦᠷᠢᠯᠲᠦᠵᠦ᠂ ᠤᠲᠤᠬᠢᠴᠢᠯᠠᠭᠰᠠᠨ ᠠᠵᠤ ᠦᠢᠯᠡᠳᠪᠦᠷᠢ ᠶᠢᠨ ᠬᠤᠲᠠ ᠪᠤᠯᠤᠨ ᠬᠤᠪᠢᠷᠠᠨ᠎ᠠ᠃

    ᠮᠢᠩᠭ᠋ᠠᠨ ᠭᠠᠵᠠᠷ ᠤᠨ ᠲᠠᠯ᠎ᠠ ᠨᠤᠲᠤᠭ ᠲᠤ ᠲᠡᠮᠦᠷ ᠤᠨ ᠦᠢᠯᠡᠳᠪᠦᠷᠢᠯᠡᠯ ᠦᠭᠡᠢ ᠪᠠᠶᠢᠭᠰᠠᠨ ᠬᠤᠭᠤᠰᠤᠨ ᠲᠡᠦᠬᠡ ᠶᠢ ᠡᠴᠦᠰᠯᠡᠬᠦᠯᠦᠭᠰᠡᠨ ᠪᠤᠭᠤᠲᠤ ᠶᠢᠨ ᠪᠤᠯᠤᠳ ᠲᠡᠮᠦᠷ ᠤᠨ ᠪᠦᠯᠦᠭᠯᠡᠯ ᠠᠯᠢᠪᠠ ᠬᠦᠴᠢᠷ ᠢ ᠲᠤᠭᠤᠯᠵᠤ᠂ ᠬᠠᠭᠤᠴᠢᠨ ᠲᠤᠭᠲᠠᠯᠴᠠᠭ᠎ᠠ ᠪᠠ ᠬᠤᠪᠤᠷ ᠰᠢᠷᠤᠢ ᠪᠤᠯᠤᠳ ᠤᠨ ᠬᠠᠪᠲᠠᠰᠤ ᠶᠢᠨ ᠪᠦᠲᠦᠴᠡ ᠪᠠᠨ ᠰᠠᠶᠢᠵᠢᠷᠠᠭᠤᠯᠬᠤ ᠪᠡᠷ ᠲᠠᠮᠵᠢᠵᠤ᠂ ᠪᠤᠯᠤᠳ ᠲᠡᠮᠦᠷ᠂ ᠬᠤᠪᠤᠷ ᠰᠢᠷᠤᠢ ᠪᠡᠷ ᠭᠤᠤᠯ ᠪᠤᠯᠭᠠᠭᠰᠠᠨ ᠤᠨᠴᠠᠯᠢᠭ ᠲᠤᠲᠤ᠂ ᠠᠭᠤᠷᠬᠠᠢ ᠶᠢᠨ ᠦᠢᠯᠡᠰ ᠵᠡᠷᠭᠡ ᠪᠠᠶᠢᠯᠲᠤᠬᠤ ᠪᠤᠲᠤᠯᠭ᠎ᠠ ᠶᠢᠨ ᠴᠢᠨᠠᠷᠲᠠᠢ ᠰᠢᠨ᠎ᠡ ᠪᠡᠷ ᠮᠠᠨᠲᠤᠭᠰᠠᠨ ᠠᠵᠤ ᠦᠢᠯᠡᠰ ᠤᠨ ᠲᠤᠭᠲᠠᠮᠵᠢ ᠪᠦᠷᠢᠯᠲᠦᠬᠦᠯᠵᠦ᠂ ᠦᠢᠯᠡᠳᠬᠦᠨ ᠨᠢ ᠬᠦᠬᠡᠨᠠᠭᠤᠷ ᠲᠦᠪᠡᠳ ᠲᠡᠮᠦᠷ ᠵᠠᠮ᠂ ᠪᠡᠭᠡᠵᠢᠩ ᠱᠠᠩᠬᠠᠢ ᠲᠡᠮᠦᠷ ᠵᠠᠮ᠂ ᠰᠠᠨᠰᠢᠶᠠ ᠶᠢᠨ ᠤᠰᠤᠨ ᠠᠰᠢᠭᠯᠠᠯᠲᠠ ᠶᠢᠨ ᠬᠦᠮᠦᠷᠭᠡ ᠵᠡᠷᠭᠡ ᠤᠯᠤᠰ ᠤᠨ ᠲᠦᠯᠦᠭᠡᠯᠡᠬᠦ ᠴᠢᠨᠠᠷᠲᠠᠢ ᠪᠠᠷᠢᠯᠭ᠎ᠠ ᠳ᠋ᠤ ᠦᠷᠭᠡᠨ ᠬᠡᠷᠡᠭᠯᠡᠭᠲᠡᠵᠦ᠂ ᠠᠯᠦᠰ ᠬᠤᠯᠠ ᠠᠮᠧᠷᠢᠺᠠ᠂ ᠭ᠍ᠧᠷᠮᠠᠨ ᠵᠡᠷᠭᠡ 50 ᠭᠠᠷᠤᠢ ᠤᠯᠤᠰ ᠤᠷᠤᠨ ᠢᠶᠡᠷ ᠪᠤᠷᠤᠯᠠᠭᠤᠯᠤᠭᠲᠠᠵᠤ ᠪᠠᠶᠢᠨ᠎ᠠ᠃

    《ᠤᠯᠤᠰ ᠲᠠᠶᠠᠭᠠᠷ ᠤᠨ ᠪᠤᠯᠤᠳ ᠴᠠᠷᠬᠢ  ᠶᠢᠨ ᠭᠤᠷᠪᠠᠨ ᠤ ᠨᠢᠭᠡ ᠨᠢ ᠪᠤᠭᠤᠲᠤ ᠶᠢᠨ ᠪᠤᠯᠤᠳ ᠲᠡᠮᠦᠷ ᠮᠦᠨ 》ᠭᠡᠵᠦ ᠪᠤᠭᠤᠲᠤ ᠶᠢᠨ ᠴᠠᠷᠬᠢ ᠶᠢᠨ ᠦᠢᠯᠡᠳᠪᠦᠷᠢ ᠶᠢᠨ ᠶᠡᠷᠦᠩᠬᠡᠢ ᠢᠨᠵᠧ᠋᠋᠋ᠨᠧᠷ ᠯᠢᠶᠠᠩ ᠵᠧᠩ ᠸᠸᠢ ᠶᠠᠷᠢᠨ᠎ᠠ᠃ ᠤᠨᠴᠠ ᠴᠡᠪᠡᠷ᠂ ᠠᠰᠬᠠᠨ᠂ ᠲᠠᠭᠠᠭᠠᠴᠠᠲᠠᠢ᠂ ᠤᠨᠤᠪᠴᠢᠲᠤ ᠴᠢᠨᠠᠷ ᠨᠢ ᠪᠤᠭᠤᠲᠤ ᠶᠢᠨ ᠪᠤᠯᠤᠳ ᠲᠡᠮᠦᠷ ᠤᠨ ᠨᠡᠷ᠎ᠡ ᠶᠢᠨ ᠬᠠᠭᠤᠲᠠᠰᠤ ᠪᠤᠯᠪᠠ᠂ ᠡᠨᠳᠡ ᠦᠢᠯᠡᠳᠪᠦᠷᠢᠯᠡᠭᠰᠡᠨ ᠪᠤᠯᠤᠳ ᠴᠠᠷᠬᠢ ᠶᠢᠨ ᠪᠦᠲᠦᠭᠡᠭ᠍ᠲᠡᠬᠦᠨ ᠲᠡᠯᠡᠭᠡᠢ ᠲᠡᠭᠡᠷᠡᠬᠢ ᠬᠠᠮᠤᠭ ᠤᠨ ᠤᠷᠲᠤ᠂ ᠬᠠᠮᠤᠭ ᠤᠨ ᠬᠤᠷᠲᠤᠨ᠂ ᠬᠠᠮᠤᠭ ᠤᠨ ᠦᠨᠳᠦᠷ ᠲᠡᠮᠦᠷ ᠵᠠᠮ ᠲᠡᠭᠡᠷ᠎ᠡ ᠲᠡᠪᠢᠰᠦᠭᠲᠡᠪᠡ᠃

    ᠬᠠᠷᠢ ᠶᠢᠨ ᠬᠦᠬᠦᠷᠭᠡ᠂ ᠬᠠᠷᠢ ᠶᠢᠨ ᠪᠠᠩᠬᠢ᠂ ᠴᠠᠬᠢᠯᠭᠠᠨ ᠮᠡᠲᠡᠭᠡᠯᠡᠯ ᠤᠨ ᠲᠤᠪᠴᠢᠶ᠎ᠠ᠁ ᠪᠤᠭᠤᠲᠤ ᠬᠤᠲᠠ ᠶᠢᠨ ᠰᠢᠭᠤᠶᠢᠲᠤ ᠲᠤᠭᠤᠷᠢᠭ ᠤᠨ ᠨᠡᠬᠦᠷᠡᠰᠤ ᠤᠯᠪᠤᠷᠢᠯᠠᠭᠰᠠᠨ ᠲᠡᠦᠭᠡ ᠦᠨᠢ ᠤᠲᠠᠭᠠᠨ ᠪᠠᠶᠢᠭᠰᠠᠨ ᠡᠴᠡ ᠨᠡᠬᠦᠷᠡᠰᠦᠨ ᠤ ᠡᠬᠢ ᠪᠠᠶᠠᠯᠢᠭ ᠨᠢᠭᠡ ᠦᠶ᠎ᠠ ᠮᠠᠭᠤᠲᠠᠵᠤ᠂ ᠰᠡᠬᠦᠯ ᠤᠨ ᠦᠶ᠎ᠠ ᠳ᠋ᠤ ᠲᠤᠬᠠᠢ ᠶᠢᠨ ᠤᠷᠤᠨ ᠤ ᠬᠢᠨ ᠴᠠᠭ ᠦᠶ᠎ᠠ ᠶᠢᠨ ᠤᠨᠴᠠᠯᠢᠭ ᠢ ᠬᠠᠷᠠᠭᠤᠯᠤᠭᠰᠠᠨ ᠠᠮᠢᠲᠤᠷᠠᠯ ᠦᠢᠯᠡᠳᠪᠦᠷᠢᠯᠡᠯ ᠤᠨ ᠬᠠᠭᠤᠴᠢᠨ ᠦᠯᠡᠲᠡᠭᠲᠡᠯ ᠢ ᠠᠰᠢᠭᠯᠠᠨ ᠺᠢᠨᠤ᠋ ᠵᠦᠴᠦᠬᠡ ᠶᠢᠨ ᠦᠢᠯᠡᠰ ᠢ ᠬᠦᠭ᠍ᠵᠢᠬᠦᠯᠦᠭᠰᠡᠨ ᠢᠶᠡᠷ ᠨᠡᠷᠡᠲᠦ ᠲᠤᠭᠯᠠᠭᠴᠢᠳ ᠤᠨ ᠵᠢᠷᠤᠭ ᠠᠪᠤᠯᠲᠠ ᠶᠢᠨ ᠪᠠᠭ ᠤᠨ ᠬᠢᠨ ᠤ ᠠᠩᠬᠠᠷᠤᠯ ᠢ ᠲᠠᠲᠠᠪᠠ᠃  

    ᠰᠡᠬᠦᠯ ᠤᠨ ᠭᠤᠷᠪᠠᠨ ᠵᠢᠯ ᠡᠴᠡ ᠨᠠᠰᠢ᠂ ᠪᠤᠭᠤᠲᠤ ᠬᠤᠲᠠ 261 ᠤᠯᠠᠮᠵᠢᠯᠠᠯᠲᠤ ᠠᠵᠤ ᠦᠢᠯᠡᠰ ᠤᠨ ᠲᠦᠰᠦᠯ ᠢ ᠲᠡᠰ ᠲᠡᠪᠰᠢᠬᠦᠯᠵᠦ᠂ ᠶᠡᠷᠦᠩᠬᠡᠢ ᠬᠦᠷᠦᠩᠭᠡ ᠤᠷᠤᠭᠤᠯᠤᠯᠲᠠ 2670 ᠳ᠋ᠦᠩᠰᠢᠭᠤᠷ ᠲᠦᠭᠦᠷᠢᠭ᠌ ᠬᠦᠷᠴᠦ᠂ ᠠᠵᠤ ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠬᠤ ᠰᠢᠨ᠎ᠡ ᠠᠮᠵᠢᠯᠲᠠ ᠲᠠᠢ ᠪᠤᠯᠵᠤ᠂ ᠤᠲᠤᠬᠢᠴᠢᠯᠠᠭᠰᠠᠨ ᠦᠢᠯᠡᠴᠢᠯᠡᠭᠡᠨ ᠤ ᠦᠢᠯᠡᠰ ᠦᠳᠲᠡᠷ ᠲᠦᠷᠭᠡᠨ ᠬᠦᠭ᠍ᠵᠢᠵᠦ᠂ ᠲᠡᠮᠦᠷ ᠵᠠᠮ ᠤᠨ ᠪᠠᠷᠠᠭᠠᠨ ᠤ ᠲᠦᠪ᠂ ᠪᠤᠲᠠᠰ ᠤᠨ ᠬᠦᠢᠯᠭᠡᠭᠡᠨ ᠤ ᠭᠠᠵᠠᠷ ᠵᠡᠷᠭᠡ ᠭᠤᠤᠯᠲᠠᠯᠭᠠᠲᠤ ᠬᠦᠢᠯᠭᠡᠭᠡᠨ ᠤ ᠲᠦᠰᠦᠯ ᠢ ᠬᠡᠷᠡᠭᠵᠢᠬᠦᠯᠦᠨ᠂ ᠠᠶᠠᠯᠠᠯ ᠵᠢᠭᠤᠯᠴᠢᠯᠠᠯ᠂ ᠮᠦᠩᠬᠦᠨ ᠬᠦᠢᠯᠭᠡᠭᠡ᠂ ᠡᠯᠧᠺᠲ᠋ᠷᠤᠨ ᠬᠤᠲᠠᠯᠲᠤᠭ᠎ᠠ᠂ ᠦᠵᠡᠰᠬᠦᠯᠡᠩ ᠵᠡᠷᠭᠡ ᠰᠢᠨ᠎ᠡ ᠪᠡᠷ ᠮᠠᠨᠲᠤᠭᠰᠠᠨ ᠠᠵᠤ ᠦᠢᠯᠡᠰ ᠮᠠᠨᠲᠤᠨ ᠬᠦᠭ᠍ᠵᠢᠪᠡ᠃

    ᠢᠷᠭᠡᠳ ᠤᠨ ᠠᠮᠢᠵᠢᠷᠠᠭ᠎ᠠ ᠳ᠋ᠤ ᠲᠤᠰᠠᠯᠠᠪᠠ

    ᠪᠧᠢ ᠯᠢᠶᠠᠩ ᠤᠨ ᠨᠡᠪᠳᠡᠷᠠᠬᠰᠠᠨ ᠭᠡᠷ ᠬᠤᠷᠢᠶᠠᠯᠠᠯ  ᠤᠨ 77 ᠨᠠᠰᠤᠲᠠᠢ ᠵᠠᠩ ᠯᠢᠨ ᠪᠤᠭᠤᠲᠤ ᠬᠤᠲᠠ ᠶᠢᠨ ᠬᠤᠪᠢᠷᠠᠯᠲᠠ ᠶᠢᠨ ᠲᠤᠬᠠᠢ ᠤᠴᠢᠷᠯᠠᠬᠤ ᠳ᠋ᠠᠭᠠᠨ᠂ 1958 ᠤᠨ ᠳ᠋ᠤ ᠪᠤᠭᠤᠲᠤ ᠳ᠋ᠤ ᠠᠩᠬ᠎ᠠ ᠢᠷᠡᠬᠦ ᠦᠶ᠎ᠠ ᠪᠡᠷ ᠬᠤᠲᠠ ᠶᠢᠨ ᠲᠤᠮᠲᠠ ᠳ᠋ᠠᠭᠠᠨ ᠨᠢᠭᠡ ᠯᠡ ᠴᠠᠷᠳᠠᠮᠠᠯ ᠵᠠᠮ ᠲᠠᠢ᠂ ᠬᠠᠵᠠᠭᠤ ᠪᠡᠷ ᠨᠢ ᠡᠩᠬᠦᠯ ᠲᠤᠩᠬᠤᠯ ᠪᠠᠶᠢᠭᠰᠠᠨ᠂ ᠤᠲᠤ ᠪᠤᠯᠬᠤ ᠳ᠋ᠤ ᠲᠤᠭᠠᠯᠠᠰᠢ ᠦᠭᠡᠢ ᠤᠯᠠᠨ ᠴᠠᠷᠳᠠᠮᠠᠯ ᠵᠠᠮ᠂ ᠠᠰᠠᠷ ᠪᠠᠷᠢᠯᠭ᠎ᠠ ᠰᠦᠨᠲᠡᠷᠡᠯᠵᠦ᠂ ᠡᠪᠡᠰᠦ ᠮᠤᠲᠤ ᠲᠠᠢ ᠰᠠᠶᠢᠬᠠᠨ ᠬᠤᠲᠠ ᠪᠤᠯᠤᠨ ᠬᠤᠪᠢᠷᠠᠭᠰᠠᠨ ᠪᠠᠶᠢᠨ᠎ᠠ ᠭᠡᠵᠡᠢ᠃

    2013 ᠤᠨ ᠡᠴᠡ ᠡᠬᠢᠯᠡᠨ ᠪᠤᠭᠤᠲᠤ ᠬᠤᠲᠠ ᠶᠢᠨ ᠪᠧᠢ ᠯᠢᠶᠠᠩ ᠤᠨ ᠨᠠᠪᠲᠠᠷᠠᠭᠰᠠᠨ ᠭᠡᠷ ᠬᠤᠷᠢᠶᠠᠯᠠᠯ ᠢ ᠦᠭᠡᠷᠡᠴᠢᠯᠡᠨ ᠰᠠᠶᠢᠵᠢᠷᠠᠭᠤᠯᠬᠤ ᠠᠵᠢᠯ ᠢ ᠡᠬᠢᠯᠡᠬᠦᠯᠵᠦ᠂ ᠲᠤᠬᠠᠢ ᠶᠢᠨ ᠤᠷᠤᠨ ᠤ ᠵᠠᠰᠠᠭ ᠤᠨ ᠤᠷᠲᠤᠨ ᠤᠷᠢᠲᠡᠪᠡᠷ ᠲᠦᠯᠦᠪᠵᠢᠬᠦᠯᠵᠦ ᠲᠠᠷᠠᠭ᠎ᠠ ᠨᠢ ᠪᠦᠲᠦᠭᠡᠨ ᠪᠠᠶᠢᠭᠤᠯᠬᠤ᠂ ᠤᠷᠢᠲᠠᠪᠡᠷ ᠲᠦᠪᠬᠢᠨᠡᠬᠦᠯᠵᠦ ᠲᠠᠷᠠᠭ᠎ᠠ ᠨᠢ ᠨᠡᠬᠦᠯᠭᠡᠨ ᠰᠢᠯᠵᠢᠬᠦᠯᠬᠦ ᠵᠠᠷᠴᠢᠮ ᠤᠨ ᠲᠠᠭᠤ ᠡᠯ᠎ᠡ ᠲᠦᠷᠦᠯ ᠤᠨ ᠨᠡᠶᠢᠲᠡ ᠶᠢᠨ ᠦᠢᠯᠡᠴᠢᠯᠡᠭᠡ ᠪᠠ ᠢᠵᠢ ᠪᠦᠷᠢᠲᠦᠭᠰᠡᠨ ᠲᠡᠳ᠋ ᠪᠦᠲᠦᠴᠡ ᠶᠢ ᠬᠠᠮᠲᠤ ᠳ᠋ᠤᠨᠢ ᠪᠠᠶᠢᠭᠤᠯᠤᠬᠰᠠᠨ ᠶᠢᠡᠷ ᠵᠠᠩ ᠯᠢᠨ ᠤ ᠠᠮᠢᠲᠤᠷᠠᠯ ᠳ᠋ᠦ ᠯᠤᠲᠤ ᠶᠡᠬᠡ ᠬᠤᠪᠢᠷᠠᠯᠲᠠ ᠭᠠᠷᠪᠠ᠃ ᠪᠤᠭᠤᠲᠤ ᠬᠤᠲᠠ ᠶᠢᠨ ᠳ᠋ᠦᠩ ᠡᠾᠧ ᠲᠤᠭᠤᠷᠢᠭ ᠤᠨ ᠲᠠᠷᠤᠭ᠎ᠠ ᠯᠧᠢ ᠳ᠋ᠢᠶᠠᠨ ᠵᠢᠶᠦ᠋ᠨ᠂ ᠬᠦᠴᠢᠷ ᠠᠰᠠᠭᠤᠲᠠᠯ ᠢ ᠰᠢᠢᠳᠪᠦᠷᠢᠯᠡᠵᠦ ᠢᠷᠭᠡᠳ ᠤᠨ ᠠᠮᠢᠲᠤᠷᠠᠯ ᠢ ᠨᠡᠩ ᠲᠤᠭᠲᠠᠭᠤᠨ ᠪᠤᠯᠭᠠᠬᠤ ᠬᠡᠷᠡᠭᠲᠡᠢ ᠭᠡᠵᠡᠢ᠃

    ᠨᠢᠲᠤᠨᠤᠨ ᠤ 7 ᠰᠠᠷ᠎ᠠ ᠶᠢᠨ 1 ᠤ ᠡᠲᠦᠷ᠂ ᠪᠤᠭᠤᠲᠤ ᠬᠤᠳᠠ ᠨᠢ ᠬᠤᠲᠠ ᠬᠦᠲᠡᠭᠡ ᠶᠢᠨ ᠡᠮᠴᠢᠯᠡᠭᠡᠨ ᠢ ᠨᠢᠭᠡ ᠴᠤᠭᠴᠠᠵᠢᠭᠤᠯᠤᠨ᠂ ᠡᠮᠴᠢᠯᠡᠭᠡᠨ ᠤ ᠪᠠᠲᠤᠯᠠᠭ᠎ᠠ ᠪᠠ ᠲᠠᠩᠰᠠ ᠴᠠᠶᠢᠷᠠᠭᠤᠯᠬᠤ ᠶᠢ ᠨᠢᠭᠡᠲᠦᠯᠲᠡᠢ ᠪᠤᠯᠭᠠᠨ ᠦᠭᠡᠷᠡᠴᠢᠯᠡᠭᠰᠡᠨ ᠢᠶᠡᠷ 120 ᠭᠠᠷᠤᠢ ᠲᠦᠮᠡᠨ ᠬᠦᠮᠦᠨ ᠳ᠋ᠤ ᠠᠰᠢᠭ ᠬᠦᠷᠲᠡᠭᠡᠪᠡ᠃

    ᠪᠤᠭᠤᠲᠤ ᠬᠤᠲᠠ ᠶᠢᠨ ᠲᠠᠷᠬᠠᠨ ᠮᠤᠤᠮᠢᠩᠭ᠋ᠠᠨ ᠬᠤᠯᠪᠤᠭᠠᠲᠤ ᠬᠤᠰᠢᠭᠤᠨ ᠤ ᠬᠦᠬᠡᠬᠤᠳᠲᠤᠭ ᠭᠠᠴᠠᠭᠠ ᠤ ᠠᠷᠠᠳ ᠳ᠋ᠠᠩ ᠱᠦ ᠮᠢᠨ ᠪᠤᠯ ᠡᠨᠡᠬᠦ ᠲᠦᠷᠦ ᠶᠢᠨ ᠪᠤᠲᠤᠯᠭ᠎ᠠ ᠶᠢᠨ ᠬᠠᠷᠠᠭᠠᠯᠵᠠᠯ ᠢ ᠬᠦᠷᠲᠡᠭᠰᠡᠳ ᠤᠨ ᠨᠢᠭᠡ  ᠶᠤᠮ᠃ 《 ᠶᠠᠪᠤᠵᠤ ᠰᠠᠭᠤᠬᠤ ᠳ᠋ᠤ ᠲᠦᠭᠦᠮ ᠦᠭᠡᠢ᠂ ᠤᠤᠯ ᠨᠢ ᠡᠪᠡᠳᠴᠢᠨ ᠦᠵᠡᠬᠦᠯᠬᠦ ᠳ᠋ᠤ ᠬᠤᠯᠠ ᠵᠠᠮ ᠬᠦᠭᠡᠭᠡᠨ ᠬᠤᠰᠢᠭᠤᠨ ᠤ ᠮᠤᠩᠭ᠋ᠤᠯ ᠡᠮᠨᠡᠯᠭᠡ ᠳ᠋ᠤ ᠬᠦᠷᠲᠡᠭ᠃ ᠤᠲᠤ ᠭᠡᠷ ᠤᠨ ᠢᠶᠡᠨ ᠡᠭᠦᠲᠡᠨ ᠳ᠋ᠤ ᠡᠪᠡᠳᠴᠢᠨ ᠢᠶᠡᠨ ᠦᠵᠡᠬᠦᠯᠵᠦ ᠲᠠᠩᠰᠠᠨ ᠴᠠᠶᠢᠷᠠᠭᠤᠯᠬᠤ ᠪᠤᠯᠤᠭᠰᠠᠨ ᠢᠶᠡᠷ ᠮᠦᠩᠬᠦᠨ ᠳ᠋ᠤ ᠠᠷᠪᠢᠲᠠᠢ᠂ ᠬᠡᠦᠬᠡᠳ ᠪᠠᠰᠠ ᠰᠠᠨᠠᠭ᠎ᠠ ᠠᠮᠠᠷᠠᠭᠰᠠᠨ》 ᠭᠡᠵᠡᠢ᠃

    ᠰᠢᠨ᠎ᠡ ᠡᠮᠴᠢᠯᠡᠭᠡᠨ ᠤ ᠲᠦᠷᠦ ᠶᠢᠨ ᠪᠤᠲᠤᠯᠭ᠎ᠠ ᠬᠡᠷᠡᠭᠵᠢᠬᠦᠯᠦᠭᠲᠡᠭᠰᠡᠨ ᠤ ᠲᠠᠷᠠᠭ᠎ᠠ ᠤᠨᠴᠠᠭᠠᠢ ᠠᠷᠬᠠᠬ ᠡᠪᠡᠳᠴᠢᠨ  ᠤ ᠲᠠᠩᠰᠠ ᠴᠠᠶᠢᠷᠠᠭᠤᠯᠬᠤ ᠬᠠᠷᠢᠴᠠᠯ ᠢ ᠶᠡᠬᠡ ᠬᠡᠮᠵᠢᠶ᠎ᠠ ᠪᠡᠷ ᠲᠡᠭᠡᠭ᠍ᠰᠢᠯᠡᠵᠦ᠂ ᠦᠨᠳᠦᠰᠦᠨ ᠱᠠᠲᠤᠨ ᠤ ᠡᠷᠡᠬᠦᠯ ᠬᠠᠮᠠᠭᠠᠯᠠᠯ ᠤᠨ ᠬᠤᠷᠢᠶ᠎ᠠ ᠶᠢ ᠤᠯᠠᠮ ᠢᠶᠡᠷ ᠬᠠᠷᠠᠭᠠᠯᠵᠠᠨ᠂ ᠮᠠᠯᠴᠢᠨ ᠲᠠᠷᠢᠶᠠᠴᠢᠳ ᠤᠨ ᠲᠠᠷᠤᠭᠠᠰᠤ ᠶᠢ ᠬᠦᠩᠭᠡᠯᠡᠪᠡ᠃ ᠤᠲᠤ ᠪᠤᠯᠬᠤ ᠳ᠋ᠤ ᠳ᠋ᠠᠩ ᠱᠦ ᠮᠢᠨ ᠲᠡᠬᠦᠨ ᠤ ᠪᠠᠶᠢᠭ᠎ᠠ ᠡᠷᠡᠬᠦᠯ ᠬᠠᠮᠠᠭᠠᠯᠠᠯ ᠤᠨ ᠬᠤᠷᠢᠶ᠎ᠠ ᠳ᠋ᠠᠭᠠᠨ ᠵᠡᠬᠦᠦ ᠲᠦᠭᠡᠨᠡᠯᠭᠡ ᠵᠡᠷᠭᠡ ᠬᠢᠲᠠᠳ ᠡᠮᠴᠢᠯᠡᠭᠡ ᠶᠢ ᠬᠦᠷᠲᠡᠵᠦ ᠪᠤᠯᠬᠤ ᠪᠤᠯᠵᠠᠢ᠃ 《 ᠮᠠᠯᠴᠢᠨ ᠲᠠᠷᠢᠶᠠᠴᠢᠨ ᠡᠪᠡᠳᠴᠢᠨ ᠦᠵᠡᠬᠦᠯᠬᠦ ᠳ᠋ᠤ ᠤᠯᠠᠮ ᠲᠦᠬᠦᠮ ᠪᠤᠯᠤᠭᠰᠠᠨ》ᠭᠡᠵᠦ ᠳ᠋ᠠᠩ ᠱᠦ ᠮᠢᠨ ᠶᠠᠷᠢᠨ᠎ᠠ᠃

    ᠪᠤᠭᠤᠲᠤ ᠬᠤᠲᠠ ᠠᠵᠠ ᠲᠤᠬᠢᠶᠠᠯ ᠢ ᠠᠳᠬᠤᠨ᠂ ᠬᠦᠷᠦᠩᠭᠡ ᠤᠷᠤᠭᠤᠯᠤᠯᠲᠠ ᠪᠡᠨ ᠶᠡᠬᠡᠰᠬᠡᠨ᠂ ᠨᠠᠪᠲᠠᠷᠠᠭᠰᠠᠨ ᠭᠡᠷ ᠬᠤᠷᠢᠶᠠᠯᠠᠯ ᠤᠨ ᠦᠭᠡᠷᠡᠴᠢᠯᠡᠯᠲᠡ ᠶᠢ ᠦᠷᠬᠦᠯᠵᠢᠯᠡᠨ ᠭᠦᠨᠵᠡᠭᠡᠶᠢᠷᠡᠬᠦᠯᠵᠦ᠂ ᠰᠢᠨ᠎ᠡ ᠡᠭᠦᠲᠦᠯᠲᠡ ᠶᠢᠨ ᠠᠮᠢᠵᠢᠷᠠᠯ ᠤᠨ ᠬᠦᠴᠦᠨ ᠢ ᠶᠡᠬᠡ ᠪᠡᠷ ᠪᠤᠶᠢᠵᠢᠭᠤᠯᠵᠤ᠂ ᠢᠷᠭᠡᠳ ᠤᠨ ᠠᠮᠢᠵᠢᠷᠠᠭᠠᠨ ᠳ᠋ᠤ ᠲᠤᠰᠠᠯᠠᠨ᠂ ᠡᠳ᠋ ᠤᠨ ᠵᠠᠰᠠᠭ ᠤᠨ ᠬᠦᠭ᠍ᠵᠢᠯᠲᠠ ᠬᠢᠯᠠᠯᠵᠠᠮ᠎ᠠ ᠠᠮᠵᠢᠯᠲᠠ ᠤᠯᠵᠤ᠂ ᠬᠤᠲᠠ ᠶᠢᠨ ᠲᠦᠷᠢ ᠲᠦᠷᠬᠦ ᠤᠯᠠᠮ ᠰᠠᠶᠢᠬᠠᠨ ᠪᠤᠯᠪᠠ᠃ 《ᠡᠨᠡ ᠪᠤᠯ ᠬᠤᠲᠠ ᠶᠢᠨ ᠠᠷᠠᠳ ᠲᠤ ᠵᠤᠯ ᠵᠢᠷᠭᠠᠯ ᠢ ᠠᠮᠠᠯᠠᠲᠠᠭᠰᠠᠨ ᠬᠤᠲᠠ ᠪᠤᠯᠤᠨ᠎ᠠ》 ᠬᠡᠵᠦ ᠵᠠᠩ ᠯᠢᠨ ᠶᠠᠷᠢᠨ᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121503743