蒙古文网站Logo
ᠰᠢᠨᠬᠤᠸᠠ ᠮᠤᠩᠭ᠋ᠤᠯ ᠨᠧᠲ

ᠴᠦᠬᠡᠨ ᠲᠤᠭᠠᠲᠤ ᠦᠨᠳᠦᠰᠦᠲᠡᠨ ᠤ ᠦᠪᠡᠷᠲᠡᠭᠡᠨ ᠵᠠᠰᠠᠬᠤ ᠤᠷᠤᠨ ᠤ ᠡᠮᠡᠭᠳᠠᠢ ᠰᠢᠭᠦᠭ᠍ᠴᠢ ᠶᠢᠨ ᠨᠡᠶᠢᠭᠡᠮᠯᠢᠭ᠌ ᠤᠨ ᠨᠢᠭᠡᠳᠦᠭᠡᠷ ᠬᠤᠭᠤᠴᠠᠭᠠᠨ ᠤ ᠰᠤᠳᠤᠯᠤᠨ ᠶᠠᠷᠢᠯᠴᠠᠬᠤ ᠬᠤᠷᠠᠯ ᠬᠤᠷᠠᠯᠳᠤᠪᠠ

2017-08-18 11:06

    7 ᠰᠠᠷ᠎ᠠ ᠶᠢᠨ 17 ᠤ ᠡᠳᠦᠷ᠂ ᠴᠦᠬᠡᠨ ᠲᠤᠭᠠᠲᠤ ᠦᠨᠳᠦᠰᠦᠲᠡᠨ ᠤ ᠦᠪᠡᠷᠲᠡᠭᠡᠨ ᠵᠠᠰᠠᠬᠤ ᠤᠷᠤᠨ ᠤ ᠡᠮᠡᠭᠳᠠᠢ ᠰᠢᠭᠦᠭ᠍ᠴᠢ ᠶᠢᠨ ᠨᠡᠶᠢᠭᠡᠮᠯᠢᠭ᠌ ᠤᠨ ᠨᠢᠭᠡᠳᠦᠭᠡᠷ ᠬᠤᠭᠤᠴᠠᠭᠠᠨ ᠤ ᠰᠤᠳᠤᠯᠤᠨ ᠶᠠᠷᠢᠯᠴᠠᠬᠤ ᠬᠤᠷᠠᠯ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠦᠨᠳᠦᠷ ᠵᠡᠷᠭᠡ ᠶᠢᠨ ᠰᠢᠬᠦᠬᠦ ᠬᠤᠷᠢᠶᠠᠨ ᠳᠤ ᠬᠤᠷᠠᠯᠳᠤᠪᠠ᠃

    ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠦᠨᠳᠦᠷ ᠵᠡᠷᠭᠡ ᠶᠢᠨ ᠰᠢᠬᠦᠬᠦ ᠬᠤᠷᠢᠶᠠᠨ ᠤ ᠨᠠᠮ ᠤᠨ ᠤᠳᠤᠷᠢᠳᠬᠤ ᠪᠠᠭ ᠤᠨ ᠱᠦᠵᠢ᠂ ᠬᠤᠷᠢᠶᠠᠨ ᠳᠠᠷᠤᠭ᠎ᠠ ᠬᠤ ᠡᠢ ᠹᠸᠩ ᠬᠤᠷᠠᠯ ᠳᠤ ᠤᠷᠤᠯᠴᠠᠬᠤ ᠶᠢᠨ ᠬᠠᠮᠲᠤ ᠤᠭᠳᠤᠯᠭ᠎ᠠ ᠶᠢᠨ ᠦᠭᠡ ᠬᠡᠯᠡᠪᠡ᠃

    ᠬᠤ ᠡᠢ ᠹᠸᠩ ᠵᠢᠭᠠᠬᠰᠠᠨ ᠨᠢ᠂ ᠰᠤᠳᠤᠯᠤᠨ ᠶᠠᠷᠢᠯᠴᠠᠬᠤ ᠬᠤᠷᠠᠯ ᠢᠶᠡᠷ ᠳᠠᠮᠵᠢᠨ ᠴᠦᠬᠡᠨ ᠲᠤᠭᠠᠲᠤ ᠦᠨᠳᠦᠰᠦᠲᠡᠨ ᠤ ᠪᠦᠰᠡ ᠨᠤᠲᠤᠭ ᠤᠨ ᠡᠮᠡᠭᠳᠡᠢ ᠰᠢᠭᠦᠭ᠍ᠴᠢᠳ ᠤᠨ ᠰᠢᠭᠦᠨ ᠲᠠᠰᠤᠯᠠᠯᠲᠠ ᠳᠤᠮᠳᠠᠬᠢ ᠬᠦᠴᠢᠷᠳᠡᠯ ᠢ ᠰᠶ᠋ᠢᠳᠪᠦᠷᠢᠯᠡᠵᠤ᠂ ᠡᠯ᠎ᠠ ᠲᠦᠷᠦᠯ ᠤᠨ ᠰᠢᠭᠦᠨ ᠲᠠᠰᠤᠯᠠᠯᠲᠠ ᠶᠢᠨ ᠡᠭᠦᠷᠭᠡ ᠪᠡᠨ ᠨᠡᠩ ᠭᠤᠤᠯᠴᠢ ᠦᠨᠳᠦᠷ ᠪᠦᠲᠦᠮᠵᠢᠲᠠᠢ ᠪᠡᠷ ᠪᠡᠶᠡᠯᠡᠭᠦᠯᠦᠨ᠎ᠠ᠃ ᠬᠢᠯᠢ ᠬᠢᠵᠠᠭᠠᠷ ᠤᠨ ᠦᠨᠳᠦᠰᠦᠲᠡᠨ ᠤ ᠪᠦᠰᠡ ᠨᠤᠲᠤᠭ ᠤᠨ ᠡᠳ᠋ ᠤᠨ ᠵᠠᠰᠠᠭ ᠤᠨ ᠬᠦᠭ᠍ᠵᠢᠯᠲᠠ᠂ ᠨᠡᠶᠢᠭᠡᠮ ᠤᠨ ᠲᠤᠭᠲᠠᠭᠤᠨ ᠤ ᠦᠢᠯᠡᠴᠢᠯᠡᠭᠡ ᠪᠤᠯᠤᠨ ᠪᠠᠲᠤᠯᠠᠭᠠᠨ ᠳᠡᠬᠢ ᠴᠦᠬᠡᠨ ᠲᠤᠭᠠᠲᠤ ᠦᠨᠳᠦᠰᠦᠲᠡᠨ ᠤ ᠪᠦᠰᠡ ᠨᠤᠲᠤᠭ ᠤᠨ ᠡᠮᠡᠭᠳᠡᠢ ᠰᠢᠭᠦᠭ᠍ᠴᠢᠳ ᠤᠨ ᠪᠠᠭ ᠤᠨ ᠬᠠᠤᠯᠢ ᠬᠡᠷᠡᠭᠵᠢᠭᠦᠯᠬᠦ ᠴᠢᠳᠠᠪᠤᠷᠢ ᠵᠢᠴᠢ ᠬᠢᠷᠢ ᠲᠦᠪᠰᠢᠨ ᠢ ᠤᠯᠠᠮ ᠴᠢᠨᠠᠭᠰᠢᠲᠠ ᠲᠡᠭᠡᠭ᠍ᠰᠢᠯᠡᠭᠦᠯᠵᠤ ᠡᠭᠦᠨ ᠢᠶᠡᠷ ᠳᠠᠮᠵᠢᠨ ᠴᠦᠬᠡᠨ ᠲᠤᠭᠠᠲᠤ ᠦᠨᠳᠦᠰᠦᠲᠡᠨ ᠤ ᠪᠦᠰᠡ ᠨᠤᠲᠤᠭ ᠤᠨ ᠰᠢᠭᠦᠭ᠍ᠴᠢ ᠶᠢᠨ ᠪᠠᠭ ᠤᠨ ᠡᠩᠨᠡᠭᠡᠨ ᠤ ᠬᠡᠪ ᠪᠤᠯᠪᠠᠰᠤᠷᠠᠯ ᠢ ᠴᠢᠩᠭ᠋ᠠᠳᠬᠠᠨ᠎ᠠ᠃

    ᠬᠤᠷᠠᠯ ᠳᠤ᠂ ᠦᠪᠦᠷ ᠮᠣᠩᠭᠣᠯ᠂ ᠲᠦᠪᠡᠳ᠂ ᠭᠤᠸᠠᠩᠰᠢ᠂ ᠨᠢᠩᠰᠢᠶᠠ᠂ ᠰᠢᠨᠵᠢᠶᠠᠩ ᠵᠡᠷᠭᠡ ᠲᠠᠪᠤᠨ ᠴᠦᠬᠡᠨ ᠲᠤᠭᠠᠲᠤ ᠦᠨᠳᠦᠰᠦᠲᠡᠨ ᠤ ᠡᠮᠡᠭᠳᠠᠢ ᠰᠢᠭᠦᠭ᠍ᠴᠢ ᠶᠢᠨ ᠲᠦᠯᠦᠭᠡᠯᠡᠭᠴᠢ ᠶᠠᠷᠢᠶ᠎ᠠ ᠲᠠᠯᠪᠢᠪᠠ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121504435