蒙古文网站Logo
ᠰᠢᠨᠬᠤᠸᠠ ᠮᠤᠩᠭ᠋ᠤᠯ ᠨᠧᠲ

ᠠᠰᠲ᠋ᠠᠨᠠ ᠵᠢᠨ ᠲᠡᠯᠡᠬᠡᠢ ᠵᠢᠨ ᠦᠵᠡᠰᠬᠦᠯᠡᠩ ᠤᠨ ᠦᠪᠦᠷ ᠮᠤᠩᠭ᠋ᠤᠯ ᠤᠨ ᠠᠵᠢᠯᠯᠠᠭᠠᠨ ᠤ ᠭᠠᠷᠠᠭ 8 ᠰᠠᠷ᠎ᠠ ᠵᠢᠨ 22 ᠤᠨ ᠡᠳᠦᠷ ᠡᠬᠢᠯᠡᠨ᠎ᠠ

2017-08-18 11:06

    8 ᠰᠠᠷ᠎ᠠ ᠵᠢᠨ 16 ᠤ ᠡᠳᠦᠷ ᠤᠨ ᠦᠳᠡ ᠵᠢᠨ ᠬᠤᠢᠢᠨ᠎ᠠ ᠶᠠᠪᠤᠬᠳᠠᠬᠰᠠᠨ ᠦᠪᠦᠷ ᠮᠣᠩᠭᠣᠯ ᠤᠨ ᠦᠪᠡᠷᠳᠡᠬᠡᠨ ᠵᠠᠰᠠᠬᠤ ᠤᠷᠤᠨ ᠤ ᠵᠠᠰᠠᠬ ᠤᠨ ᠤᠷᠳᠤᠨ ᠤ ᠬᠡᠪᠯᠡᠯ ᠮᠡᠳᠡᠭᠡᠯᠡᠯ ᠤᠨ ᠠᠯᠪᠠᠨ ᠤ ᠬᠡᠪᠯᠡᠯ ᠮᠡᠳᠡᠭᠡᠯᠡᠯ ᠨᠡᠢᠢᠳᠡᠯᠡᠬᠦ ᠬᠤᠷᠠᠯ ᠡᠴᠡ ᠤᠢᠢᠯᠠᠭᠠᠬᠰᠠᠨ ᠵᠢᠡᠷ᠂ ᠠᠰᠲ᠋ᠠᠨᠠ ᠵᠢᠨ ᠲᠡᠯᠡᠬᠡᠢ ᠵᠢᠨ ᠦᠵᠡᠰᠬᠦᠯᠡᠩ ᠤᠨ ᠦᠪᠦᠷ ᠮᠤᠩᠭ᠋ᠤᠯ ᠤᠨ ᠠᠵᠢᠯᠯᠠᠭᠠᠨ ᠤ ᠭᠠᠷᠠᠭ 8 ᠰᠠᠷ᠎ᠠ ᠵᠢᠨ 22 ᠤᠨ ᠡᠳᠦᠷ ᠠᠰᠲ᠋ᠠᠨᠠ ᠵᠢᠨ ᠲᠡᠯᠡᠬᠡᠢ ᠵᠢᠨ ᠦᠵᠡᠰᠬᠦᠯᠡᠩ ᠤᠨ ᠬᠦᠷᠢᠶᠡᠯᠡᠩ ᠤᠨ ᠲᠤᠮ᠋ᠳᠠᠳᠤ ᠤᠯᠤᠰ ᠤᠨ ᠤᠷᠳᠤᠨ ᠳ᠋ᠤ ᠡᠬᠢᠯᠡᠬᠦ ᠪᠡᠷ ᠪᠠᠢᠢᠨ᠎ᠠ᠃

    ᠤᠢᠢᠯᠠᠭᠠᠬᠰᠠᠨ ᠵᠢᠡᠷ᠂ ᠺᠠᠽᠠᠬᠰᠲ᠋ᠠᠨ ᠪᠤᠯ ᠮᠠᠨ ᠤ ᠤᠯᠤᠰ ᠤᠨ《ᠨᠢᠬᠡ ᠪᠦᠰᠡ ᠨᠢᠬᠡ ᠵᠠᠮ》 ᠤᠨ ᠰᠠᠨᠠᠭᠠᠴᠢᠯᠠᠭ᠎ᠠ ᠵᠢᠨ ᠴᠢᠬᠤᠯᠠ ᠱᠤᠭᠤᠮ ᠲᠠᠭᠠᠤ ᠵᠢᠨ ᠤᠯᠤᠰ ᠪᠤᠯᠬᠤ ᠮᠦᠷᠳᠡᠬᠡᠨ ᠪᠠᠰᠠᠴᠤ ᠲᠤᠮ᠋ᠳᠠᠳᠤ ᠤᠯᠤᠰ ᠤᠨ ᠤᠯᠠᠨ ᠤᠯᠤᠰ ᠤᠨ ᠦᠢᠯᠡᠳᠪᠦᠷᠢᠯᠡᠯ ᠤᠨ ᠴᠢᠳᠠᠪᠤᠷᠢ ᠶᠢᠨ ᠬᠠᠮ᠋ᠳᠤᠷᠠᠯᠴᠠᠭ᠎ᠠ ᠦᠷᠨᠢᠬᠦᠯᠵᠦ ᠪᠠᠢᠢᠭ᠎ᠠ ᠭᠤᠤᠯᠳᠠᠯᠭ᠎ᠠ ᠲᠠᠢ ᠤᠯᠤᠰ ᠶᠤᠮ᠃ ᠠᠰᠲ᠋ᠠᠨᠠ ᠵᠢᠨ ᠲᠡᠯᠡᠬᠡᠢ ᠶᠢᠨ ᠦᠵᠡᠰᠬᠦᠯᠡᠩ ᠡᠨᠡ ᠵᠢᠯ 6 ᠰᠠᠷ᠎ᠠ ᠶᠢᠨ 10 ᠤ ᠡᠳᠦᠷ ᠡᠴᠡ 9 ᠰᠠᠷ᠎ᠠ ᠵᠢᠨ 10 ᠤ ᠡᠳᠦᠷ ᠪᠤᠯᠳᠠᠯ᠎ᠠ ᠶᠠᠪᠤᠬᠳᠠᠨ᠎ᠠ᠂ ᠲᠤᠰ ᠦᠵᠡᠰᠬᠦᠯᠡᠩ ᠤᠨ ᠭᠤᠤᠯ ᠰᠡᠳᠦᠪ ᠨᠢ《ᠢᠷᠡᠭᠡᠳᠦᠢ ᠵᠢᠨ ᠡᠨᠧᠷᠬᠢ》ᠪᠤᠯᠤᠨ᠎ᠠ᠃ ᠮᠠᠨ ᠤ ᠤᠯᠤᠰ ᠤᠯᠠᠮ᠋ᠵᠢᠯᠠᠯᠳᠤ ᠡᠨᠧᠷᠬᠢ ᠵᠢᠨ ᠬᠡᠯᠪᠡᠷᠢ ᠶᠢ ᠬᠤᠪᠢᠷᠠᠭᠤᠯᠬᠤ᠂ ᠰᠢᠨ᠎ᠠ ᠡᠨᠧᠷᠬᠢ ᠵᠢ ᠨᠡᠬᠡᠬᠡᠨ ᠬᠦᠭ᠍ᠵᠢᠬᠦᠯᠬᠦ ᠵᠡᠷᠬᠡ ᠲᠠᠯ᠎ᠠ ᠵᠢᠨ ᠰᠢᠨ᠎ᠠ ᠤᠢᠢᠯᠠᠭᠠᠬᠳᠠᠬᠤᠨ ᠪᠠ ᠰᠢᠨ᠎ᠠ ᠦᠷ᠎ᠠ ᠪᠦᠲᠦᠬᠡᠯ ᠢ ᠭᠤᠤᠯᠳᠠᠯᠭ᠎ᠠ ᠲᠡᠢ ᠲᠡᠯᠬᠡᠨ ᠦᠵᠡᠬᠦᠯᠬᠦ ᠪᠤᠯᠤᠨ᠎ᠠ᠃ ᠮᠠᠨ ᠤ ᠤᠷᠤᠨ ᠢ ᠪᠠᠭᠳᠠᠭᠠᠬᠰᠠᠨ 11 ᠮᠤᠵᠢ ᠤᠷᠤᠨ ᠬᠤᠳᠠ ᠠᠵᠢᠯᠯᠠᠭᠠᠨ ᠤ ᠭᠠᠷᠠᠬ ᠤᠨ ᠬᠡᠯᠪᠡᠷᠢ ᠪᠡᠷ ᠲᠤᠰ ᠦᠵᠡᠰᠬᠦᠯᠡᠩ ᠳ᠋ᠤ ᠤᠷᠤᠯᠴᠠᠵᠤ᠂ ᠬᠤᠪᠧᠢ ᠵᠡᠷᠬᠡ 12 ᠮᠤᠵᠢ ᠤᠷᠤᠨ ᠬᠤᠳᠠ ᠪᠠ ᠬᠠᠮ᠋ᠢᠶ᠎ᠠ ᠪᠦᠬᠦᠢ ᠠᠵᠦ ᠠᠬᠤᠢᠢᠯᠠᠯ ᠠᠵᠢᠯᠯᠠᠭᠠᠨ ᠤ ᠡᠳᠦᠷ ᠤᠨ ᠬᠡᠯᠪᠡᠷᠢ ᠪᠡᠷ ᠲᠤᠰ ᠦᠵᠡᠰᠬᠦᠯᠡᠩ ᠳ᠋ᠤ ᠤᠷᠤᠯᠴᠠᠬᠤ ᠪᠤᠯᠤᠨ᠎ᠠ᠃

    ᠠᠰᠲ᠋ᠠᠨᠠ ᠵᠢᠨ ᠲᠡᠯᠡᠬᠡᠢ ᠵᠢᠨ ᠦᠵᠡᠰᠬᠦᠯᠡᠩ ᠤᠨ ᠦᠪᠦᠷ ᠮᠤᠩᠭ᠋ᠤᠯ ᠤᠨ ᠠᠵᠢᠯᠯᠠᠭᠠᠨ ᠤ ᠭᠠᠷᠠᠭ ᠨᠢ ᠦᠪᠦᠷ ᠮᠤᠩᠭ᠋ᠤᠯ ᠤᠨ ᠭᠤᠤᠯ ᠰᠡᠳᠦᠪᠳᠤ ᠠᠵᠢᠯᠯᠠᠭᠠᠨ ᠤ ᠡᠳᠦᠷ᠂ ᠠᠢᠢᠮ᠋ᠠᠬ ᠬᠤᠳᠠ ᠵᠢᠨ ᠭᠤᠤᠯ ᠰᠡᠳᠦᠪᠳᠤ ᠠᠵᠢᠯᠯᠠᠭᠠᠨ ᠤ ᠡᠳᠦᠷ ᠬᠡᠬᠦ 《2 ᠭᠤᠤᠯ ᠰᠡᠳᠦᠪᠳᠤ ᠡᠳᠦᠷ ᠤᠨ ᠠᠵᠢᠯᠯᠠᠭ᠎ᠠ》 ᠪᠠ ᠦᠪᠦᠷ ᠮᠣᠩᠭᠣᠯ ᠤᠨ ᠦᠪᠡᠷᠳᠡᠬᠡᠨ ᠵᠠᠰᠠᠬᠤ ᠤᠷᠤᠨ ᠤ ᠵᠠᠰᠠᠬ ᠤᠨ ᠤᠷᠳᠤᠨ ᠬᠢᠬᠡᠳ ᠺᠠᠽᠠᠬᠰᠲ᠋ᠠᠨ ᠤ ᠦᠢᠯᠡᠳᠪᠦᠷᠢ ᠬᠤᠳᠠᠯᠳᠤᠭᠠᠨ ᠤ ᠬᠤᠯᠪᠤᠭᠠᠳᠤ ᠬᠤᠷᠠᠯ᠂ ᠺᠠᠽᠠᠬᠰᠲ᠋ᠠᠨ ᠲᠤᠮ᠋ᠳᠠᠳᠤ ᠤᠯᠤᠰ ᠤᠨ ᠠᠷᠠᠯᠵᠢᠶ᠎ᠠ ᠵᠢ ᠠᠬᠢᠭᠤᠯᠬᠤ ᠨᠡᠢᠢᠬᠡᠮ᠋ᠯᠢᠭ᠌ ᠡᠴᠡ ᠬᠠᠮ᠋ᠳᠤᠷᠠᠨ ᠡᠷᠬᠢᠯᠡᠬᠦ ᠠᠵᠦ ᠦᠢᠯᠡᠰ ᠤᠨ ᠬᠠᠮ᠋ᠳᠤᠷᠠᠯᠴᠠᠭᠠᠨ ᠤ ᠶᠠᠷᠢᠶᠠᠨ ᠤ ᠲᠠᠪᠴᠠᠩ ᠵᠢᠴᠢ ᠵᠢᠭᠤᠯᠴᠢᠯᠠᠯ ᠤᠨ ᠲᠠᠨᠢᠯᠴᠠᠭᠤᠯᠭ᠎ᠠ ᠵᠢᠨ ᠵᠦᠪᠳᠡᠯᠴᠡᠬᠡᠷ ᠤᠨ ᠬᠤᠷᠠᠯ᠂ ᠦᠪᠦᠷ ᠮᠤᠩᠭ᠋ᠤᠯ ᠬᠢᠬᠡᠳ ᠭᠠᠳᠠᠭᠠᠳᠤ ᠵᠢᠨ ᠤᠷᠳᠤᠨ ᠤ ᠲᠠᠷᠤᠭ᠎ᠠ ᠨᠠᠷ ᠤᠨ ᠶᠠᠷᠢᠯᠴᠠᠬᠤ ᠬᠤᠷᠠᠯ ᠬᠡᠬᠦ 2 ᠬᠤᠷᠠᠯ᠂ ᠪᠤᠳᠠᠳᠤ ᠡᠳ᠋ ᠤᠨ ᠦᠵᠡᠬᠦᠯᠦᠯᠬᠡ ᠪᠠ ᠤᠯᠠᠨ ᠵᠠᠭᠤᠴᠢᠳᠤ ᠸᠢᠳ᠋ᠢᠣ᠋ ᠵᠢᠨ ᠹᠢᠯᠢᠮ᠂ ᠤᠷᠠᠯᠢᠬ ᠤᠨ ᠲᠤᠬᠯᠠᠯᠳᠠ ᠪᠠ ᠦᠨᠳᠦᠰᠦᠳᠡᠨ ᠤ ᠤᠷᠠᠯᠢᠬ ᠤᠨ ᠦᠵᠡᠬᠦᠯᠦᠯᠬᠡ ᠵᠢᠨ ᠲᠤᠭᠯᠠᠯᠳᠠ ᠬᠡᠬᠦ 2 ᠦᠵᠡᠬᠦᠯᠦᠯᠬᠡ᠂ ᠦᠪᠦᠷ ᠮᠤᠩᠭ᠋ᠤᠯ ᠤᠨ ᠠᠵᠢᠯᠯᠠᠭᠠᠨ ᠤ ᠭᠠᠷᠠᠬ ᠤᠨ ᠡᠬᠢᠯᠡᠯᠳᠡ ᠵᠢᠨ ᠶᠤᠰᠤᠯᠠᠯ ᠵᠡᠷᠬᠡ ᠠᠭᠤᠯᠭ᠎ᠠ ᠪᠡᠷ 8 ᠰᠠᠷ᠎ᠠ ᠶᠢᠨ 22 ᠤᠨ ᠡᠳᠦᠷ ᠡᠴᠡ 8 ᠰᠠᠷ᠎ᠠ ᠶᠢᠨ 24 ᠤ ᠡᠳᠦᠷ ᠪᠤᠯᠳᠠᠯ᠎ᠠ ᠶᠠᠪᠤᠬᠳᠠᠬᠤ ᠪᠤᠯᠤᠨ᠎ᠠ᠃

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121504454