蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭᠤᠯ ᠤᠨ ᠤᠯᠠᠮᠵᠢᠯᠠᠯᠳᠤ ᠭᠠᠷ ᠤᠷᠠᠯᠠᠯ + ᠤᠳᠤᠬᠢ ᠪᠦᠳᠦᠬᠡᠯᠴᠢ ᠬᠦᠭᠵᠢᠬᠦᠯᠦᠯ ᠤᠨ ᠦᠵᠡᠰᠬᠦᠯᠡᠩ ᠨᠡᠬᠡᠬᠡᠯᠳᠡ ᠪᠡᠨ ᠬᠢᠪᠡ

2017-08-18 16:12

    ᠰᠢᠨᠬᠤᠧᠠ ᠮᠤᠩᠭᠤᠯ ᠨᠧᠲ   ᠬᠦᠬᠡᠬᠤᠳᠠ ᠶᠢᠨ 8 ᠰᠠᠷ᠎ᠠ ᠶᠢᠨ 18 ᠤ ᠡᠳᠦᠷ ᠤᠨ ᠴᠠᠬᠢᠯᠭᠠᠨ ᠮᠡᠳᠡᠬᠡ (ᠪᠤᠯᠤᠷᠴᠡᠴᠡᠭ) 18 ᠤ ᠡᠳᠦᠷ᠂ ᠦᠪᠦᠷ ᠮᠤᠩᠭᠤᠯ ᠤᠷᠤᠨ ᠲᠠᠶᠠᠭᠠᠷ ᠤᠨ ᠤᠯᠠᠮᠵᠢᠯᠠᠯᠳᠤ ᠭᠠᠷ ᠤᠷᠠᠯᠠᠯ + ᠤᠳᠤᠬᠢ ᠪᠦᠳᠦᠬᠡᠯᠴᠢ ᠬᠦᠭᠵᠢᠬᠦᠯᠦᠯ ᠤᠨ ᠦᠵᠡᠰᠬᠦᠯᠡᠩ ᠦᠪᠦᠷ ᠮᠤᠩᠭᠤᠯ ᠤᠨ ᠦᠵᠡᠰᠬᠦᠯᠡᠩ ᠤᠨ ᠤᠷᠳᠤᠨ ᠳᠤ ᠨᠡᠬᠡᠬᠡᠯᠳᠡ ᠪᠡᠨ ᠬᠢᠪᠡ᠃

    ᠠᠷᠪᠠᠨ ᠳᠦᠷᠪᠡᠳᠦᠬᠡᠷ ᠬᠤᠭᠤᠴᠠᠭᠠᠨ ᠤ ᠳᠤᠮᠳᠠᠳᠤ ᠤᠯᠤᠰ•ᠦᠪᠦᠷ ᠮᠤᠩᠭᠤᠯ ᠤᠨ ᠳᠠᠯ᠎ᠠ ᠨᠤᠳᠤᠭ ᠤᠨ ᠰᠤᠶᠤᠯ ᠤᠨ ᠨᠠᠶᠢᠷ ᠤᠨ ᠨᠢᠬᠡᠨ ᠠᠭᠤᠯᠭ᠎ᠠ ᠪᠡᠷ ᠵᠤᠬᠢᠶᠠᠨ ᠪᠠᠶᠢᠭᠤᠯᠤᠭᠳᠠᠵᠤ ᠪᠤᠢ ᠡᠨᠡᠬᠦ ᠦᠵᠡᠰᠬᠦᠯᠡᠩ ᠨᠡᠶᠢᠳᠡ 5 ᠡᠳᠦᠷ ᠤᠨ ᠬᠤᠭᠤᠴᠠᠭ᠎ᠠ ᠲᠠᠢ ᠦᠷᠬᠦᠯᠵᠢᠯᠡᠨ᠎ᠠ᠃ ᠡᠬᠦᠨ ᠳᠤ ᠮᠤᠩᠭᠤᠯ ᠦᠨᠳᠦᠰᠦᠳᠡᠨ ᠤ ᠬᠠᠳᠬᠤᠮᠠᠯ᠂ ᠬᠠᠶᠢᠴᠢᠯᠠᠮᠠᠯ᠂ ᠬᠤᠪᠴᠠᠰᠤ ᠵᠠᠰᠠᠯ᠂ ᠬᠦᠭᠵᠢᠮ ᠤᠨ ᠵᠦᠢᠯ ᠵᠢᠴᠢ ᠮᠤᠩᠭᠤᠯ ᠬᠡᠷ᠂ ᠬᠠᠰᠠᠭ ᠳᠡᠷᠬᠡ᠂ ᠬᠡᠷ ᠤᠨ ᠳᠠᠪᠢᠯᠭ᠎ᠠ᠂ ᠡᠮᠡᠬᠡᠯ ᠬᠠᠵᠠᠭᠠᠷ ᠵᠡᠷᠬᠡ ᠤᠯᠠᠮᠵᠢᠯᠠᠯᠳᠤ ᠭᠠᠷ ᠤᠷᠠᠯᠠᠯ ᠤᠨ 160 ᠭᠠᠷᠤᠢ ᠪᠤᠳᠠᠰ ᠳᠡᠯᠬᠡᠭᠳᠡᠬᠦ ᠳᠡᠳᠦᠢ ᠦᠬᠡᠢ ᠸᠠᠭᠠᠷᠤᠨ ᠤᠷᠠᠯᠠᠯ᠂ ᠠᠷᠠᠰᠤᠨ ᠱᠤᠭᠤᠮᠠᠯ᠂ ᠺᠠᠷᠲ᠋ᠤᠨ ᠵᠡᠷᠭᠡ ᠶᠢ ᠪᠠᠭᠳᠠᠭᠠᠭᠰᠠᠨ 6 ᠳᠤᠮᠤ ᠳᠦᠷᠦᠯ ᠤᠨ 2000 ᠭᠠᠷᠤᠢ ᠪᠦᠳᠦᠬᠡᠯᠴᠢ ᠵᠠᠭᠪᠤᠷ ᠳᠡᠯᠬᠡᠭᠳᠡᠵᠡᠢ᠃ ᠪᠠᠰᠠ ᠳᠦᠯᠦᠬᠡᠯᠡᠬᠦ ᠴᠢᠨᠠᠷᠳᠠᠢ ᠪᠡᠶᠡᠳᠦ ᠪᠤᠰᠤ ᠰᠤᠶᠤᠯ ᠤᠨ ᠦᠪ ᠤᠨ 32 ᠳᠦᠯᠦᠬᠡᠯᠡᠭᠴᠢ ᠡᠨᠳᠡ ᠤᠯᠠᠮᠵᠢᠯᠠᠯᠳᠤ ᠭᠠᠷ ᠤᠷᠠᠯᠠᠯ ᠤᠨ ᠬᠢᠬᠦ ᠠᠷᠭ᠎ᠠ ᠶᠢ ᠪᠡᠶᠡᠴᠢᠯᠡᠨ ᠦᠵᠡᠬᠦᠯᠵᠤ᠂ ᠳᠤᠰᠬᠠᠢ ᠮᠡᠷᠬᠡᠵᠢᠯᠳᠡᠳ ᠡᠴᠡ ᠢᠯᠡᠳᠬᠡᠯ ᠬᠢᠵᠤ ᠰᠤᠶᠤᠯ ᠤᠨ ᠦᠪ ᠤᠨ ᠤᠯᠠᠮᠵᠢᠯᠠᠭᠴᠢ ᠨᠠᠷ ᠬᠢᠬᠡᠳ ᠳ᠋ᠢᠽᠠᠶᠢᠨᠧᠷ ᠤᠳ ᠲᠠᠢ ᠰᠤᠳᠤᠯᠤᠨ ᠶᠠᠷᠢᠯᠴᠠᠭ᠎ᠠ ᠦᠷᠨᠢᠬᠦᠯᠬᠦ ᠪᠤᠯᠤᠨ᠎ᠠ᠃

ᠢᠷᠡᠯᠳᠡ᠄ ᠰᠢᠨᠬᠤᠧᠠ ᠮᠤᠩᠭᠤᠯ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120701121506229