蒙古文网站Logo
ᠰᠢᠨᠬᠤᠸᠠ ᠮᠤᠩᠭ᠋ᠤᠯ ᠨᠧᠲ

ᠪᠡᠬᠡᠵᠢᠩ ᠬᠤᠳᠠ ᠭᠠᠳᠠᠨ᠎ᠠ ᠤᠷᠤᠨ ᠤ ᠤᠯᠤᠰ ᠤᠨ Ⅲ ᠴᠠᠶᠢᠶ᠊ᠢᠤ ᠰᠢᠳᠠᠭᠠᠯᠭ᠎ᠠ ᠲᠠᠢ ᠠᠴᠢᠶᠠᠨ ᠤ ᠮᠠᠰᠢᠨ ᠢ ᠵᠢᠷᠭᠤᠳᠤᠭᠠᠷ ᠳᠤᠭᠤᠷᠢᠯ ᠵᠠᠮ ᠡᠴᠡ ᠳᠤᠳᠤᠭᠰᠢ ᠤᠷᠤᠭᠤᠯᠬᠤ ᠦᠬᠡᠢ

2017-08-21 16:14

    9 ᠰᠠᠷ᠎ᠠ ᠶᠢᠨ 21 ᠤ ᠡᠳᠦᠷ ᠡᠴᠡ ᠡᠬᠢᠯᠡᠨ᠂ ᠪᠡᠬᠡᠵᠢᠩ ᠬᠤᠳᠠ ᠨᠢ ᠵᠢᠷᠭᠤᠳᠤᠭᠠᠷ ᠳᠤᠭᠤᠷᠢᠯ ᠵᠠᠮ ᠢ ᠪᠠᠭᠳᠠᠭᠠᠭᠰᠠᠨ ᠳᠡᠬᠦᠨ ᠡᠴᠡ ᠳᠤᠳᠤᠭᠰᠢᠬᠢ ᠬᠤᠳᠠ ᠶᠢᠨ ᠵᠠᠮ ᠳᠤ ᠠᠴᠢᠶᠠᠨ ᠤ ᠮᠠᠰᠢᠨ ᠤ ᠳᠤᠤᠷ᠎ᠠ ᠢᠯᠭᠠᠷᠠᠭᠤᠯᠤᠯᠳᠠ ᠲᠠᠢ ᠪᠦᠰᠡ ᠳᠤᠬᠢᠷᠠᠭᠤᠯᠵᠤ᠂ ᠭᠠᠳᠠᠨ᠎ᠠ ᠤᠷᠤᠨ ᠤ ᠤᠯᠤᠰ ᠤᠨ Ⅲ ᠴᠠᠶᠢᠶ᠊ᠢᠤ ᠰᠢᠳᠠᠭᠠᠯᠭ᠎ᠠ ᠲᠠᠢ ᠠᠴᠢᠶᠠᠨ ᠤ ᠮᠠᠰᠢᠨ ᠢ ᠪᠦᠬᠦᠯᠢ ᠡᠳᠦᠷ ᠢᠶᠡᠷ ᠳᠤᠳᠤᠭᠰᠢ ᠤᠷᠤᠭᠤᠯᠬᠤ ᠦᠬᠡᠢ ᠶᠤᠮ ᠪᠠᠶᠢᠨ᠎ᠠ᠃

    ᠡᠬᠦᠨ ᠡᠴᠡ ᠭᠠᠳᠠᠨ᠎ᠠ᠂ ᠤᠯᠤᠰ ᠤᠨ Ⅰ ᠤᠯᠤᠰ ᠤᠨ Ⅱ ᠴᠠᠶᠢᠶ᠊ᠢᠤ ᠰᠢᠳᠠᠭᠠᠯᠭ᠎ᠠ ᠲᠠᠢ ᠠᠴᠢᠶᠠᠨ ᠤ ᠮᠠᠰᠢᠨ ᠢ ᠪᠦᠬᠦᠯᠢ ᠡᠳᠦᠷ ᠢᠶᠡᠷ ᠬᠤᠳᠠ ᠲᠠᠶᠠᠭᠠᠷ ᠤᠨ ᠬᠡᠪᠴᠢᠶᠡᠨ ᠳᠤ ᠵᠤᠷᠴᠢᠭᠤᠯᠬᠤ ᠦᠬᠡᠢ ᠶᠢᠨ ᠰᠠᠭᠤᠷᠢᠨ ᠳᠤ᠂ ᠭᠠᠳᠠᠨ᠎ᠠ ᠤᠷᠤᠨ ᠤ ᠤᠯᠤᠰ ᠤᠨ Ⅲ ᠴᠠᠶᠢᠶ᠊ᠢᠤ ᠰᠢᠳᠠᠭᠠᠯᠭ᠎ᠠ ᠲᠠᠢ ᠠᠴᠢᠶᠠᠨ ᠤ ᠮᠠᠰᠢᠨ ᠢ ᠵᠢᠷᠭᠤᠳᠤᠭᠠᠷ ᠳᠤᠭᠤᠷᠢᠯ ᠵᠠᠮ ᠡᠴᠡ ᠳᠤᠳᠤᠭᠰᠢ ᠤᠷᠤᠭᠤᠯᠬᠤ ᠦᠬᠡᠢ ᠬᠡᠵᠤ ᠳᠤᠭᠳᠠᠭᠠᠭᠰᠠᠨ ᠪᠤᠯᠪᠠᠴᠤ ᠳᠤᠰ ᠬᠤᠳᠠ ᠶᠢᠨ ᠦᠢᠯᠡᠳᠪᠦᠷᠢᠯᠡᠯ ᠠᠮᠢᠳᠤᠷᠠᠯ ᠤᠨ ᠱᠠᠭᠠᠷᠳᠠᠯᠭ᠎ᠠ ᠶᠢ ᠪᠤᠳᠤᠯᠬᠢᠯᠠᠨ 2017 ᠤᠨ ᠤ 9 ᠰᠠᠷ᠎ᠠ ᠶᠢᠨ 21 ᠡᠴᠡ 2019 ᠤᠨ ᠤ 9 ᠰᠠᠷ᠎ᠠ ᠶᠢᠨ 20 ᠪᠤᠯᠳᠠᠯᠠᠬᠢ ᠰᠦᠨᠢ ᠶᠢᠨ 0᠄00 ᠴᠠᠭ ᠡᠴᠡ ᠦᠷᠯᠦᠬᠡ ᠶᠢᠨ 06᠄00 ᠪᠤᠯᠳᠠᠯ᠎ᠠ ᠬᠠᠮᠢᠶᠠᠳᠠᠢ ᠬᠠᠮᠢᠶᠠᠷᠤᠯᠳᠠ ᠶᠢᠨ ᠪᠠᠶᠢᠭᠤᠯᠤᠯᠭ᠎ᠠ ᠶᠢᠨ ᠵᠦᠪᠰᠢᠶᠡᠷᠡᠯ ᠤᠨ ᠪᠢᠴᠢᠭ᠌ ᠲᠠᠢ ᠪᠤᠶᠤ ᠰᠢᠨ᠎ᠡ ᠰᠤᠷᠭᠤᠭ ᠬᠦᠨᠡᠰᠦᠨ ᠤ ᠪᠦᠳᠦᠬᠡᠭᠳᠡᠬᠦᠨ ᠬᠦᠷᠬᠡᠵᠤ ᠪᠠᠶᠢᠭ᠎ᠠ ᠡᠶᠢᠮᠦᠷᠬᠦ ᠮᠠᠰᠢᠨ ᠵᠤᠷᠴᠢᠵᠤ ᠪᠤᠯᠤᠨ᠎ᠠ ᠬᠡᠵᠤ ᠳᠤᠭᠳᠠᠭᠠᠵᠠᠢ᠃ ᠪᠠᠰᠠ ᠤᠯᠤᠰ ᠤᠨ Ⅳ ᠡᠴᠡ ᠳᠡᠬᠡᠭᠰᠢ ᠴᠠᠶᠢᠶ᠊ᠢᠤ ᠰᠢᠳᠠᠭᠠᠯᠭ᠎ᠠ ᠲᠠᠢ ᠠᠴᠢᠶᠠᠨ ᠤ ᠮᠠᠰᠢᠨ ᠵᠦᠪᠬᠡᠨ ᠰᠦᠨᠢ ᠶᠢᠨ 0᠄00 ᠴᠠᠭ ᠡᠴᠡ ᠦᠷᠯᠦᠬᠡ ᠶᠢᠨ 06᠄00 ᠪᠤᠯᠳᠠᠯ᠎ᠠ ᠵᠢᠷᠭᠤᠳᠤᠭᠠᠷ ᠳᠤᠭᠤᠷᠢᠯ ᠵᠠᠮ ᠳᠡᠬᠡᠷ᠎ᠡ ᠪᠤᠶᠤ ᠳᠡᠬᠦᠨ ᠡᠴᠡ ᠳᠤᠳᠤᠭᠰᠢᠬᠢ ᠵᠠᠮ ᠳᠡᠬᠡᠷ᠎ᠡ ᠠᠶᠠᠯᠠᠵᠤ ᠪᠤᠯᠤᠨ᠎ᠠ᠂ ᠬᠡᠬᠦ ᠳ᠋ᠡᠬᠡᠨ ᠪᠡᠬᠡᠵᠢᠩ ᠬᠤᠳᠠ ᠳᠤ ᠤᠷᠤᠬᠤ ᠵᠦᠪᠰᠢᠶᠡᠷᠡᠯ ᠤᠨ ᠪᠢᠴᠢᠭ᠌ ᠠᠪᠤᠭᠰᠠᠨ ᠪᠠᠶᠢᠬᠤ ᠬᠡᠷᠡᠭᠳᠡᠢ᠃

    ᠳᠡᠬᠡᠷᠡᠬᠢ ᠳᠤᠭᠳᠠᠭᠠᠯ ᠢ ᠵᠦᠷᠢᠴᠡᠭᠰᠡᠳ ᠢ 100 ᠳᠦᠬᠦᠷᠢᠭ ᠢᠶᠡᠷ ᠰᠢᠳᠬᠡᠵᠤ 3 ᠬᠤᠪᠢ ᠬᠠᠰᠤᠨ᠎ᠠ᠃ ᠬᠡᠷᠪᠡ ᠪᠠᠶᠢᠭᠠᠯᠢ ᠤᠷᠴᠢᠨ ᠳᠤ ᠤᠨᠴᠠ ᠶᠢᠨ ᠬᠤᠬᠢᠷᠠᠯ ᠤᠴᠠᠷᠠᠭᠤᠯᠤᠭᠰᠠᠨ ᠪᠤᠯ 300-3000 ᠳᠦᠬᠦᠷᠢᠭ ᠤᠨ ᠬᠤᠭᠤᠷᠤᠨᠳᠤ ᠳᠤᠷᠭᠠᠨ᠎ᠠ᠃

ᠢᠷᠡᠯᠳᠡ᠄ ᠰᠢᠨᠬᠤᠧᠠ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120701121524248