蒙古文网站Logo
ᠰᠢᠨᠬᠤᠸᠠ ᠮᠤᠩᠭ᠋ᠤᠯ ᠨᠧᠲ

ᠭᠦᠢᠵᠸᠤ᠄ 9 ᠰᠠᠷ᠎ᠠ ᠶᠢᠨ 1 ᠤ ᠡᠳᠦᠷ ᠡᠴᠡ ᠡᠬᠢᠯᠡᠨ ᠠᠯᠪᠠᠨ ᠶᠠᠪᠤᠳᠠᠯ ᠳᠤ ᠠᠷᠢᠬᠢ ᠴᠠᠭᠠᠵᠠᠯᠠᠨ᠎ᠠ

2017-08-22 11:23

    ᠰᠢᠨᠬᠤᠸᠠ ᠬᠤᠷᠢᠶ᠎ᠠ   ᠭᠦᠢᠵᠸᠤ ᠶᠢᠨ 8 ᠰᠠᠷ᠎ᠠ ᠶᠢᠨ 21 ᠤ ᠡᠳᠦᠷ ᠤᠨ ᠴᠠᠬᠢᠯᠭᠠᠨ ᠮᠡᠳᠡᠭᠡ ( ᠰᠤᠷᠪᠤᠯᠵᠢᠯᠠᠭᠴᠢ ᠸᠠᠩ ᠰᠢᠨ ᠮᠢᠩ) 9 ᠰᠠᠷ᠎ᠠ ᠶᠢᠨ 1 ᠤ ᠡᠳᠦᠷ ᠡᠴᠡ ᠡᠬᠢᠯᠡᠨ ᠭᠦᠢᠵᠸᠤ ᠮᠤᠵᠢ ᠠᠯᠪᠠᠨ ᠤ ᠶᠠᠪᠤᠳᠠᠯ ᠳᠤ ᠠᠷᠢᠬᠢ ᠶᠢ ᠪᠦᠬᠦ ᠲᠠᠯ᠎ᠠ ᠪᠡᠷ ᠴᠠᠭᠠᠵᠠᠯᠠᠬᠤ ᠪᠡᠷ ᠪᠠᠶᠢᠨ᠎ᠠ᠃ ᠲᠤᠭᠲᠠᠭᠠᠯ ᠢ ᠦᠨᠳᠦᠰᠦᠯᠡᠪᠡᠯ᠂ ᠭᠦᠢᠵᠸᠤ ᠮᠤᠵᠢ ᠶᠢᠨ ᠬᠠᠷᠢᠶᠠᠨ ᠳᠡᠬᠢ ᠠᠯᠪᠠᠨ ᠤ ᠶᠠᠪᠤᠳᠠᠯ ᠳᠤ ᠠᠷᠢᠬᠢ ᠬᠠᠩᠭ᠋ᠠᠬᠤ ᠶᠢ ᠴᠠᠭᠠᠵᠠᠯᠠᠨ᠎ᠠ᠂ ᠶᠠᠮᠠᠷᠪᠠ ᠪᠠᠶᠢᠭᠤᠯᠤᠯᠭ᠎ᠠ ᠨᠢᠭᠡᠴᠡ ᠪᠤᠶᠤ ᠬᠤᠪᠢ ᠬᠦᠮᠦᠨ ᠡᠴᠡ ᠬᠠᠩᠭ᠋ᠠᠭᠰᠠᠨ ᠠᠷᠢᠬᠢ ᠶᠢ ᠴᠦᠮ ᠤᠤᠭᠤᠵᠤ ᠪᠤᠯᠬᠤ ᠦᠭᠡᠢ᠂ ᠡᠭᠦᠨ ᠳᠤ ᠬᠤᠪᠢ ᠪᠡᠷ ᠢᠶᠡᠨ ᠠᠪᠴᠤ ᠶᠠᠪᠤᠭ᠎ᠠ ᠠᠷᠢᠬᠢ ᠶᠢ ᠴᠤ ᠪᠠᠭᠲᠠᠭᠠᠵᠤ ᠪᠤᠢ᠃

    ᠰᠤᠷᠪᠤᠯᠵᠢᠯᠠᠭᠴᠢ 21 ᠤ ᠡᠳᠦᠷ《ᠭᠦᠢᠵᠸᠤ ᠮᠤᠵᠢ ᠶᠢᠨ ᠠᠯᠪᠠᠨ ᠤ ᠶᠠᠪᠤᠳᠠᠯ ᠳᠤ ᠠᠷᠢᠬᠢ ᠶᠢ ᠪᠦᠬᠦ ᠲᠠᠯ᠎ᠠ ᠪᠡᠷ ᠴᠠᠭᠠᠵᠠᠯᠠᠬᠤ ᠲᠤᠭᠲᠠᠭᠠᠯ》 ᠤᠨ ᠬᠡᠪᠯᠡᠯ ᠮᠡᠳᠡᠭᠡᠯᠡᠯ ᠤᠨ ᠨᠡᠶᠢᠲᠡᠯᠡᠬᠦ ᠬᠤᠷᠠᠯ ᠡᠴᠡ ᠤᠶᠢᠯᠠᠭᠠᠭᠰᠠᠨ ᠢᠶᠡᠷ᠂ 《ᠲᠤᠭᠲᠠᠭᠠᠯ》 ᠳᠤ ᠭᠦᠢᠵᠸᠤ ᠮᠤᠵᠢ ᠶᠢᠨ ᠡᠯ᠎ᠠ ᠵᠡᠷᠭᠡᠯᠡᠯ ᠤᠨ ᠨᠠᠮ ᠤᠨ ᠪᠠᠶᠢᠭᠤᠯᠤᠯᠭ᠎ᠠ᠂ ᠠᠷᠠᠳ ᠤᠨ ᠲᠦᠯᠦᠭᠡᠯᠡᠭᠴᠢᠳ ᠤᠨ ᠶᠡᠬᠡ ᠬᠤᠷᠠᠯ ᠤᠨ ᠪᠠᠶᠢᠭᠤᠯᠤᠯᠭ᠎ᠠ᠂ ᠵᠠᠰᠠᠭ ᠵᠠᠬᠢᠷᠭᠠᠨ ᠤ ᠪᠠᠶᠢᠭᠤᠯᠤᠯᠭ᠎ᠠ᠂ ᠤᠯᠤᠰ ᠲᠦᠷᠦ ᠶᠢᠨ ᠵᠦᠪᠯᠡᠯᠭᠡᠨ ᠤ ᠪᠠᠶᠢᠭᠤᠯᠤᠯᠭ᠎ᠠ᠂ ᠰᠢᠭᠦᠨ ᠲᠠᠰᠤᠯᠬᠤ ᠪᠠᠶᠢᠭᠤᠯᠤᠯᠭ᠎ᠠ᠂ ᠪᠠᠶᠢᠴᠠᠭᠠᠬᠤ ᠪᠠᠶᠢᠭᠤᠯᠤᠯᠭ᠎ᠠ᠂ ᠠᠷᠠᠳ ᠢᠷᠭᠡᠳ ᠬᠠᠮᠲᠤ ᠨᠡᠶᠢᠲᠡ ᠪᠤᠯᠤᠨ ᠠᠵᠢᠯ ᠦᠢᠯᠡᠰ ᠤᠨ ᠪᠠᠶᠢᠭᠤᠯᠤᠯᠭ᠎ᠠ ᠨᠢᠭᠡᠴᠡ ᠵᠢᠴᠢ ᠠᠵᠢᠯᠲᠠᠳ ᠢ ᠬᠠᠮᠤᠷᠪᠠ᠃ ᠮᠤᠵᠢ ᠶᠢᠨ ᠬᠠᠷᠢᠶᠠᠲᠤ ᠤᠯᠤᠰ ᠤᠨ ᠦᠮᠴᠢᠯᠡᠯᠲᠤ ᠠᠵᠤ ᠠᠬᠤᠶᠢᠯᠠᠯ᠂ ᠤᠯᠤᠰ ᠤᠨ ᠦᠮᠴᠢᠯᠡᠯᠲᠤ ᠮᠦᠩᠭᠦᠨ ᠬᠦᠢᠯᠭᠡᠭᠡᠨ ᠤ ᠠᠵᠤ ᠠᠬᠤᠶᠢᠯᠠᠯ ᠲᠤᠭᠲᠠᠭᠠᠯ ᠢ ᠯᠠᠪᠯᠠᠨ ᠬᠡᠷᠡᠭᠵᠢᠭᠦᠯᠦᠨ᠎ᠠ᠃

    《ᠲᠤᠭᠲᠠᠭᠠᠯ》 ᠳ᠋ᠤ᠂ ᠭᠦᠢᠵᠸᠤ ᠮᠤᠵᠢ ᠶᠢᠨ ᠬᠠᠷᠢᠶᠠᠨ ᠳᠡᠬᠢ ᠠᠯᠪᠠᠨ ᠤ ᠶᠠᠪᠤᠳᠠᠯ ᠳᠤ ᠠᠯᠪᠠᠨ ᠤ ᠮᠦᠩᠭᠦ ᠪᠡᠷ ᠡᠯ᠎ᠠ ᠲᠦᠷᠦᠯ ᠤᠨ ᠠᠷᠢᠬᠢ ᠬᠦᠷᠭᠡᠬᠦ ᠶᠢ ᠴᠠᠭᠠᠵᠠᠯᠠᠨ᠎ᠠ᠂ ᠠᠵᠢᠯᠯᠠᠬᠤ ᠴᠠᠭ ᠪᠤᠯᠤᠨ ᠠᠵᠢᠯᠯᠠᠬᠤ ᠡᠳᠦᠷ ᠤᠨ ᠦᠳᠡ ᠶᠢᠨ ᠠᠮᠠᠷᠠᠯᠲᠠ ᠳᠤ ᠠᠷᠢᠬᠢ ᠤᠤᠭᠤᠵᠤ ᠪᠤᠯᠬᠤ ᠦᠭᠡᠢ ᠭᠡᠰᠡᠨ ᠪᠠᠶᠢᠯ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121522635