蒙古文网站Logo
ᠰᠢᠨᠬᠤᠸᠠ ᠮᠤᠩᠭ᠋ᠤᠯ ᠨᠧᠲ

ᠤᠯᠤᠰ ᠲᠠᠶᠠᠭᠠᠷ ᠤᠨ ᠬᠡᠪᠴᠢᠶᠡᠨ ᠳ᠋ᠦ ᠠᠰᠠᠭᠤᠳᠠᠯ ᠲᠠᠢ ᠭᠠᠵᠠᠷ ᠤᠨ ᠵᠢᠷᠤᠭ ᠢ ᠪᠦᠬᠦ ᠲᠠᠯ᠎ᠠ ᠪᠠᠷ ᠰᠢᠯᠭᠠᠨ ᠴᠡᠭᠴᠡᠯᠡᠨ᠎ᠠ

2017-08-22 16:14

    ᠳᠤᠮᠳᠠᠳᠤ ᠤᠯᠤᠰ ᠤᠨ ᠮᠣᠩᠭᠣᠯ ᠷᠠᠳᠢᠣ᠋ ᠰᠦᠯᠵᠢᠶ᠎ᠡ ᠶᠢᠨ 8 ᠰᠠᠷ᠎ᠠ ᠵᠢᠨ 22 ᠤᠨ ᠡᠳᠦᠷ ‍ᠥᠨ ᠮᠡᠳᠡᠭᠡ ᠶᠢ ᠦᠨᠳᠦᠰᠦᠯᠡᠪᠡᠯ᠂ ᠤᠯᠤᠰ ᠤᠨ ᠨᠤᠲᠤᠭ ᠳᠡᠪᠢᠰᠬᠡᠷ ᠡᠬᠢ ᠪᠠᠶᠠᠯᠢᠭ ᠤᠨ ᠶᠠᠮᠤᠨ ᠵᠡᠷᠭᠡ ᠣᠯᠠᠨ ᠰᠠᠯᠠᠭ᠎ᠠ ᠮᠥᠴᠢᠷ ᠦᠨ ᠬᠢᠨ ᠤᠯᠤᠰ ᠲᠠᠶᠠᠭᠠᠷ ᠤᠨ ᠬᠡᠪᠴᠢᠶᠡᠨ ᠳ᠋ᠦ ᠠᠰᠠᠭᠤᠳᠠᠯ ᠲᠠᠢ ᠭᠠᠵᠠᠷ ᠤᠨ ᠵᠢᠷᠤᠭ ᠢ ᠪᠦᠬᠦ ᠲᠠᠯ᠎ᠠ ᠪᠠᠷ ᠰᠢᠯᠭᠠᠨ ᠴᠡᠭᠴᠡᠯᠡᠬᠦ ᠪᠡᠷ ᠪᠠᠶᠢᠨ᠎ᠠ᠃

    ᠤᠯᠤᠰ ᠤᠨ ᠭᠠᠵᠠᠷ ᠰᠢᠷᠣᠢ ᠶ᠋ᠢ ᠬᠡᠮᠵᠢᠨ ᠵᠢᠷᠤᠬᠤ ᠪᠠ ᠴᠢᠮᠡᠭᠡ ᠵᠠᠩᠭᠢ ᠶ᠋ᠢᠨ ᠬᠠᠮᠢᠶᠠᠷᠤᠯᠲᠠ ᠶ᠋ᠢᠨ ᠲᠣᠪᠴᠢᠶᠠᠨ ᠤ ᠳᠡᠳ᠋ ᠳᠠᠷᠤᠭ᠎ᠠ ᠮᠢᠠ ᠶᠢ ᠷᠸᠠ ᠬᠡᠯᠡᠬᠦ ᠳ᠋ᠡᠭᠡᠨ᠂ ᠡᠨᠡ ᠤᠳᠠᠭᠠᠨ ᠤ ᠬᠢᠨᠠᠨ ᠰᠢᠯᠭᠠᠬᠤ ᠠᠵᠢᠯᠯᠠᠭ᠎ᠠ ᠳᠤ ᠭᠣᠣᠯᠳᠠᠭᠤ ᠡᠶᠢᠮᠦ ᠭᠤᠷᠪᠠᠨ ᠲᠥᠷᠥᠯ ᠦᠨ ᠠᠰᠠᠭᠤᠳᠠᠯ ᠲᠠᠢ ᠭᠠᠵᠠᠷ ᠤᠨ ᠵᠢᠷᠤᠭ  ᠪᠠᠭᠲᠠᠵᠤ ᠪᠠᠶᠢᠨ᠎ᠠ᠂ ᠲᠤᠬᠠᠶᠢᠯᠠᠪᠠᠯ ᠨᠢᠭᠡ ᠳ᠋ᠤ᠂ ᠡᠬᠡ ᠣᠷᠣᠨ ᠤ ᠨᠢᠭᠡᠳᠦᠯ᠂ ᠡᠷᠬᠡ ᠮᠡᠳᠡᠯ᠂ ᠨᠤᠲᠤᠭ ᠳᠡᠪᠢᠰᠬᠡᠷ ᠦᠨ ᠪᠦᠷᠢᠨ ᠪᠦᠲᠦᠨ ᠪᠠᠶᠢᠬᠤ ᠶ᠋ᠢ ᠬᠣᠬᠢᠷᠠᠭᠤᠯᠤᠭᠰᠠᠨ ᠬᠦᠨᠳᠦ ᠨᠣᠴᠢᠲᠠᠢ ᠠᠰᠠᠭᠤᠳᠠᠯ ᠲᠠᠢ ᠭᠠᠵᠠᠷ ᠤᠨ ᠵᠢᠷᠤᠭ᠂ ᠬᠣᠶᠠᠷ ᠲᠤ᠂ ᠤᠯᠤᠰ ᠣᠷᠣᠨ ᠤ ᠠᠶᠤᠯᠬᠦᠢ ᠪᠠ ᠠᠰᠢᠭ ᠲᠤᠰᠠ ᠶ᠋ᠢ ᠬᠣᠬᠢᠷᠠᠭᠤᠯᠤᠭᠰᠠᠨ ᠬᠦᠨᠳᠦ ᠨᠣᠴᠢᠲᠠᠢ ᠠᠰᠠᠭᠤᠳᠠᠯ ᠲᠠᠢ ᠭᠠᠵᠠᠷ ᠤᠨ ᠵᠢᠷᠤᠭ᠂ ᠭᠤᠷᠪᠠ ᠳ᠋ᠤ᠂ ᠭᠠᠵᠠᠷ ᠤᠨ ᠵᠢᠷᠤᠭ ᠤᠨ ᠬᠠᠮᠢᠶᠠᠷᠤᠯᠲᠠ ᠶ᠋ᠢᠨ ᠬᠠᠮᠢᠶᠠᠲᠠᠢ ᠳᠦᠷᠢᠮ ᠲᠣᠭᠲᠠᠭᠠᠯ ᠳ᠋ᠤ ᠨᠡᠶᠢᠴᠡᠬᠦ ᠦᠭᠡᠢ ᠭᠠᠵᠠᠷ ᠤᠨ ᠵᠢᠷᠤᠭ ᠪᠠ ᠠᠵᠢᠯᠯᠠᠭ᠎ᠠ ᠵᠡᠷᠭᠡ ᠪᠣᠯᠣᠨ᠎ᠠ ᠬᠡᠵᠡᠢ᠃

ᠢᠷᠡᠯᠳᠡ᠄ ᠳᠤᠮᠳᠠᠳᠤ ᠤᠯᠤᠰ ᠤᠨ ᠮᠣᠩᠭᠣᠯ ᠷᠠᠳᠢᠣ᠋ ᠰᠦᠯᠵᠢᠶ᠎ᠡ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120701121523570