蒙古文网站Logo
ᠰᠢᠨᠬᠤᠸᠠ ᠮᠤᠩᠭ᠋ᠤᠯ ᠨᠧᠲ

ᠬᠦᠬᠡᠨᠠᠭᠤᠷ᠄ ᠴᠢᠰᠤ ᠪᠡᠨ ᠬᠠᠨᠳᠢᠪᠯᠠᠭᠰᠠᠳ ᠨᠢᠬᠡ ᠡᠳᠦᠷ ᠤᠨ ᠴᠠᠯᠢᠩ ᠲᠠᠢ ᠠᠮᠠᠷᠠᠯᠳᠠ ᠠᠪᠴᠤ ᠪᠤᠯᠤᠨ᠎ᠠ

2017-08-23 11:31

    ᠬᠦᠬᠡᠨᠠᠭᠤᠷ ᠮᠤᠵᠢ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠬᠡᠷ 8 ᠰᠠᠷ᠎ᠠ ᠶᠢᠨ 22 ᠤᠨ ᠡᠳᠦᠷ ᠬᠡᠪᠯᠡᠯ ᠮᠡᠳᠡᠬᠡᠯᠡᠯ ᠤᠨ ᠬᠤᠷᠠᠯ ᠬᠤᠷᠠᠯᠳᠤᠭᠤᠯᠵᠤ᠂《〈ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠢᠰᠤ ᠬᠠᠨᠳᠢᠪᠯᠠᠬᠤ ᠳᠦᠷᠢᠮ〉 ᠢ ᠬᠡᠷᠡᠭᠵᠢᠬᠦᠯᠬᠦ ᠳᠤᠬᠠᠢ ᠬᠦᠬᠡᠨᠠᠭᠤᠷ ᠮᠤᠵᠢ ᠶᠢᠨ ᠠᠷᠭ᠎ᠠ》 ᠶᠢ 9 ᠰᠠᠷ᠎ᠠ ᠶᠢᠨ 1 ᠡᠴᠡ ᠡᠬᠢᠯᠡᠵᠤ ᠬᠡᠷᠡᠭᠵᠢᠬᠦᠯᠦᠨ᠎ᠡ ᠬᠡᠵᠡᠢ᠃

    《ᠠᠷᠭ᠎ᠠ》 ᠳᠤ᠂ ᠴᠢᠰᠤ ᠬᠠᠨᠳᠢᠪᠯᠠᠬᠤ ᠶᠢᠨ ᠬᠦᠩᠬᠡᠯᠡᠯᠳᠡ ᠲᠠᠢ ᠳᠦᠷᠦ ᠶᠢᠨ ᠪᠤᠳᠤᠯᠭ᠎ᠠ ᠶᠢ ᠳᠤᠳᠤᠷᠬᠠᠶᠢᠯᠠᠬᠤ ᠳ᠋ᠠᠭᠠᠨ ᠴᠢᠰᠤ ᠪᠡᠨ ᠬᠠᠨᠳᠢᠪᠯᠠᠭᠰᠠᠳ ᠨᠢᠬᠡ ᠡᠳᠦᠷ ᠤᠨ ᠴᠠᠯᠢᠩ ᠲᠠᠢ ᠠᠮᠠᠷᠠᠯᠳᠠ ᠠᠪᠴᠤ ᠪᠤᠯᠤᠨ᠎ᠠ᠂ ᠠᠵᠢᠯ ᠤᠨ ᠬᠢᠨᠢ ᠪᠠᠶᠢᠭᠤᠯᠤᠯᠭ᠎ᠠ ᠳᠡᠷᠡ ᠳᠠᠷᠤᠢ ᠳ᠋ᠤᠨᠢ ᠵᠤᠬᠢᠴᠠᠭᠤᠯᠬᠤ ᠬᠡᠷᠡᠭᠳᠡᠢ ᠬᠡᠵᠡᠢ᠃ ᠡᠬᠦᠨ ᠡᠴᠡ ᠭᠠᠳᠠᠨ᠎ᠠ᠂ ᠴᠢᠰᠤ ᠪᠡᠨ ᠬᠠᠨᠳᠢᠪᠯᠠᠭᠰᠠᠳ ᠵᠢᠴᠢ ᠳᠡᠳᠡᠨᠡᠷ ᠤᠨ ᠬᠠᠨᠢ ᠨᠦᠬᠦᠷ᠂ ᠠᠪᠤ ᠡᠵᠢ ᠨᠢ ᠪᠤᠶᠤ ᠬᠡᠤᠬᠡᠳ ᠤᠳ ᠨᠢ ᠴᠢᠰᠤ ᠶᠡᠬᠦᠯᠡᠬᠦᠯᠬᠦ ᠱᠠᠭᠠᠷᠳᠠᠯᠭ᠎ᠠ ᠲᠠᠢ ᠳᠤᠬᠢᠶᠠᠯᠳᠤᠯ ᠳᠤ ᠬᠦᠩᠬᠡᠯᠡᠯᠳᠡ ᠲᠠᠢ᠂ ᠳᠠᠷᠤᠢ ᠴᠢᠰᠤ ᠬᠠᠨᠳᠢᠪᠯᠠᠭᠰᠠᠨ 5 ᠵᠢᠯ ᠤᠨ ᠳᠤᠳᠤᠷ᠎ᠠ ᠳᠤᠰ ᠬᠦᠮᠦᠨ ᠴᠢᠰᠤ ᠶᠡᠬᠦᠯᠡᠬᠦᠯᠬᠦ ᠱᠠᠭᠠᠷᠳᠠᠯᠭ᠎ᠠ ᠲᠠᠢ ᠪᠤᠯᠪᠠᠯ ᠦᠪᠡᠷ ᠤᠨ ᠬᠠᠨᠳᠢᠪᠯᠠᠭᠰᠠᠨ ᠴᠢᠰᠤᠨ ᠤ ᠪᠡᠨ 5 ᠳᠠᠬᠢᠨ ᠢᠶᠡᠷ ᠳᠦᠯᠦᠪᠦᠷᠢ ᠦᠬᠡᠢ ᠴᠢᠰᠤ ᠶᠡᠬᠦᠯᠡᠬᠦᠯᠵᠤ ᠪᠤᠯᠤᠨ᠎ᠠ᠂ 5 ᠵᠢᠯ ᠤᠨ ᠬᠢᠨᠢ ᠳᠠᠷᠠᠭ᠎ᠠ 3 ᠳᠠᠬᠢᠨ ᠢᠶᠡᠷ ᠶᠡᠬᠦᠯᠡᠬᠦᠯᠵᠤ ᠪᠤᠯᠤᠨ᠎ᠠ᠃ ᠬᠠᠨᠳᠢᠪᠯᠠᠭᠰᠠᠨ ᠴᠢᠰᠤᠨ ᠤ ᠬᠡᠮᠵᠢᠶ᠎ᠡ 800 ᠮᠢᠯᠯᠢᠯᠢᠲ᠋ᠷ ᠢ ᠳᠠᠪᠠᠭᠰᠠᠨ ᠪᠤᠯ ᠨᠠᠰᠤᠨ ᠳᠤᠷᠰᠢ ᠳᠦᠯᠦᠪᠦᠷᠢ ᠦᠬᠡᠢ ᠴᠢᠰᠤ ᠶᠡᠬᠦᠯᠡᠬᠦᠯᠬᠦ ᠡᠷᠬᠡ ᠲᠠᠢ᠃ ᠴᠢᠰᠤ ᠪᠡᠨ ᠬᠠᠨᠳᠢᠪᠯᠠᠭᠰᠠᠨ ᠡᠳᠦᠷ ᠡᠴᠡ ᠡᠬᠢᠯᠡᠨ ᠬᠠᠨᠢ ᠨᠦᠬᠦᠷ᠂ ᠠᠪᠤ ᠡᠵᠢ ᠨᠢ ᠪᠤᠶᠤ ᠬᠡᠤᠬᠡᠳ ᠤᠳ ᠨᠢ ᠴᠢᠰᠤ ᠶᠡᠬᠦᠯᠡᠬᠦᠯᠬᠦ ᠱᠠᠭᠠᠷᠳᠠᠯᠭ᠎ᠠ ᠲᠠᠢ ᠪᠤᠯᠪᠠᠯ ᠳᠤᠰ ᠬᠦᠮᠦᠨ ᠤ ᠬᠠᠨᠳᠢᠪᠯᠠᠭᠰᠠᠨ ᠴᠢᠰᠤᠨ ᠤ ᠬᠡᠮᠵᠢᠶ᠎ᠡ ᠪᠡᠷ ᠳᠦᠯᠦᠪᠦᠷᠢ ᠦᠬᠡᠢ ᠴᠢᠰᠤ ᠶᠡᠬᠦᠯᠡᠬᠦᠯᠬᠦ ᠡᠷᠬᠡ ᠲᠠᠢ᠃

    《ᠠᠷᠭ᠎ᠠ》 ᠳᠤ᠂ ᠴᠢᠰᠤ ᠬᠠᠨᠳᠢᠪᠯᠠᠭᠰᠠᠨ ᠳᠦᠷᠦ ᠶᠢᠨ ᠱᠠᠩᠨᠠᠯ ᠬᠦᠷᠳᠡᠭᠰᠡᠳ ᠠᠰᠢᠭ ᠤᠷᠤᠯᠭ᠎ᠠ ᠶᠢᠨ ᠪᠤᠰᠤ ᠡᠮᠴᠢᠯᠡᠬᠡᠨ ᠤ ᠪᠠᠶᠢᠭᠤᠯᠤᠮᠵᠢ ᠳᠤ ᠬᠦᠷᠴᠤ ᠡᠮᠴᠢᠯᠡᠬᠦᠯᠬᠦ ᠦᠶᠡᠰ ᠳᠦᠯᠦᠪᠦᠷᠢ ᠳᠤ ᠨᠢ ᠬᠦᠩᠬᠡᠯᠡᠯᠳᠡ ᠦᠵᠡᠬᠦᠯᠬᠦ ᠬᠡᠷᠡᠭᠳᠡᠢ᠂ ᠰᠢᠶᠠᠨ ᠤ ᠱᠠᠳᠤᠨ ᠡᠴᠡ ᠳᠡᠬᠡᠭᠰᠢᠬᠢ ᠠᠷᠠᠳ ᠤᠨ ᠵᠠᠰᠠᠭ ᠤᠨ ᠤᠷᠳᠤᠨ ᠪᠤᠳᠠᠳᠠᠢ ᠪᠠᠶᠢᠳᠠᠯ ᠳᠠᠭᠠᠨ ᠦᠨᠳᠦᠰᠦᠯᠡᠨ ᠴᠢᠰᠤ ᠪᠡᠨ ᠬᠠᠨᠳᠢᠪᠯᠠᠭᠰᠠᠳ ᠢ ᠬᠠᠶᠢᠷᠠᠯᠠᠨ ᠬᠠᠯᠠᠮᠵᠢᠯᠠᠬᠤ ᠪᠤᠶᠠᠨ ᠤ ᠰᠢᠨᠵᠢᠳᠡᠢ ᠳᠤᠰᠬᠠᠢ ᠳᠦᠷᠦᠯ ᠤᠨ ᠬᠦᠷᠦᠩᠬᠡ ᠮᠦᠩᠬᠦ ᠳᠤᠬᠢᠷᠠᠭᠤᠯᠵᠤ᠂ ᠴᠢᠰᠤ ᠪᠡᠨ ᠬᠠᠨᠳᠢᠪᠯᠠᠭᠰᠠᠳ ᠤᠨ ᠳᠤᠰᠠᠯᠠᠮᠵᠢ ᠭᠤᠶᠤᠴᠢᠯᠠᠬᠤ ᠳᠤ ᠨᠢ ᠪᠡᠯᠡᠳᠬᠡᠬᠦ ᠬᠡᠷᠡᠭᠳᠡᠢ ᠬᠡᠵᠡᠢ᠃

ᠢᠷᠡᠯᠳᠡ᠄ ᠳᠤᠮᠳᠠᠳᠤ ᠤᠯᠤᠰ ᠤᠨ ᠰᠤᠨᠢᠨ ᠮᠡᠳᠡᠬᠡ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120701121528903