蒙古文网站Logo
ᠰᠢᠨᠬᠤᠸᠠ ᠮᠤᠩᠭ᠋ᠤᠯ ᠨᠧᠲ

ᠠᠷᠪᠠᠨ ᠳᠦᠷᠪᠡᠳᠦᠬᠡᠷ ᠬᠤᠭᠤᠴᠠᠭᠠᠨ ᠤ ᠳᠤᠮᠳᠠᠳᠤ ᠤᠯᠤᠰ•ᠦᠪᠦᠷ ᠮᠤᠩᠭᠤᠯ ᠤᠨ ᠳᠠᠯ᠎ᠠ ᠨᠤᠳᠤᠭ ᠤᠨ ᠰᠤᠶᠤᠯ ᠤᠨ ᠨᠠᠶᠢᠷ ᠠᠯᠪᠠᠨ ᠶᠤᠰᠤᠭᠠᠷ ᠨᠡᠬᠡᠬᠡᠯᠳᠡ ᠪᠡᠨ ᠬᠢᠨ᠎ᠡ

2017-08-25 15:53

    ᠰᠢᠨᠬᠤᠧᠠ ᠮᠤᠩᠭᠤᠯ ᠨᠧᠲ   ᠬᠦᠬᠡᠬᠤᠳᠠ ᠶᠢᠨ 8 ᠰᠠᠷ᠎ᠠ ᠶᠢᠨ 25 ᠤ ᠡᠳᠦᠷ ᠤᠨ ᠴᠠᠬᠢᠯᠭᠠᠨ ᠮᠡᠳᠡᠬᠡ (ᠪᠤᠯᠤᠷᠴᠡᠴᠡᠭ) 25 ᠤ ᠡᠳᠦᠷ ᠪᠤᠯᠤᠭᠰᠠᠨ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠬᠡᠪᠯᠡᠯ ᠮᠡᠳᠡᠬᠡᠯᠡᠯ ᠤᠨ ᠠᠯᠪᠠᠨ ᠤ ᠬᠤᠷᠠᠯ ᠡᠴᠡ ᠤᠶᠢᠯᠠᠭᠠᠭᠰᠠᠨ ᠢᠶᠡᠷ᠂ ᠠᠷᠪᠠᠨ ᠳᠦᠷᠪᠡᠳᠦᠬᠡᠷ ᠬᠤᠭᠤᠴᠠᠭᠠᠨ ᠤ ᠳᠤᠮᠳᠠᠳᠤ ᠤᠯᠤᠰ•ᠦᠪᠦᠷ ᠮᠤᠩᠭᠤᠯ ᠤᠨ ᠳᠠᠯ᠎ᠠ ᠨᠤᠳᠤᠭ ᠤᠨ ᠰᠤᠶᠤᠯ ᠤᠨ ᠨᠠᠶᠢᠷ᠂ 8 ᠰᠠᠷ᠎ᠠ ᠶᠢᠨ 28 ᠤ ᠤᠷᠤᠢ ᠶᠢᠨ 20᠄00 ᠴᠠᠭ ᠲᠤ ᠬᠦᠬᠡᠬᠤᠳᠠ ᠶᠢᠨ ᠤᠯᠠᠭᠠᠨ ᠲᠢᠶᠠᠲ᠋ᠷ ᠲᠤ ᠠᠯᠪᠠᠨ ᠶᠤᠰᠤᠭᠠᠷ ᠨᠡᠬᠡᠬᠡᠯᠳᠡ ᠪᠡᠨ ᠬᠢᠬᠦ ᠪᠤᠯᠤᠭᠰᠠᠨ ᠪᠠᠶᠢᠨ᠎ᠠ᠃

    ᠡᠨᠡᠬᠦ ᠡᠬᠡᠯᠵᠢ ᠶᠢᠨ ᠰᠤᠶᠤᠯ ᠤᠨ ᠨᠠᠶᠢᠷ ᠨᠢ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠳᠤᠷᠰᠢᠬᠢ ᠰᠤᠶᠤᠯ ᠤᠨ ᠪᠠᠶᠢᠭᠤᠯᠤᠯᠳᠠ ᠶᠢᠨ ᠠᠮᠵᠢᠯᠳᠠ ᠪᠦᠳᠦᠮᠵᠢ ᠶᠢ ᠳᠡᠯᠬᠡᠬᠦ ᠪᠠ ᠦᠨᠳᠦᠰᠦᠨ ᠱᠠᠳᠤᠨ ᠤ ᠤᠯᠠᠨ ᠳᠦᠮᠡᠨ ᠤ ᠰᠤᠶᠤᠯ ᠤᠨ ᠠᠮᠢᠳᠤᠷᠠᠯ ᠤᠨ ᠱᠠᠭᠠᠷᠳᠠᠯᠭ᠎ᠠ ᠶᠢ ᠬᠠᠩᠭᠠᠬᠤ ᠶᠢ ᠵᠤᠷᠢᠭᠰᠠᠨ ᠢᠶᠡᠷ ᠢᠶᠡᠨ ᠤᠨᠴᠠᠯᠠᠭᠳᠠᠭᠰᠠᠨ ᠶᠤᠮ᠃ ᠡᠶᠢᠨᠬᠦ ᠠᠩᠬᠠᠨ ᠤ ᠱᠠᠳᠤᠨ ᠳᠤ᠂ 70 ᠵᠢᠯ ᠤᠨ ᠤᠢ ᠶᠢᠨ ᠳᠡᠮᠳᠡᠭᠯᠡᠯᠳᠤ ᠠᠷᠭ᠎ᠠ ᠬᠡᠮᠵᠢᠶ᠎ᠡ ᠲᠠᠢ ᠨᠢᠬᠳᠠ ᠤᠶᠠᠯᠳᠤᠭᠤᠯᠥᠨ ᠳᠠᠯ᠎ᠠ ᠨᠤᠳᠤᠭ ᠤᠨ ᠰᠤᠩᠭᠤᠳᠠᠭ ᠳᠠᠭᠤᠤ ᠬᠦᠭᠵᠢᠮ ᠤᠨ ᠳᠤᠭᠯᠠᠯᠳᠠ(ᠬᠢᠳᠠᠳ᠂ ᠮᠤᠩᠭᠤᠯ)᠂ ᠰᠢᠨ᠎ᠡ ᠤᠳᠤᠳ ᠤᠨ ᠳᠤᠭᠯᠠᠯᠳᠠ᠂ ᠤᠯᠠᠨ ᠤᠯᠤᠰ ᠤᠨ ᠨᠠᠶᠢᠷᠠᠯ ᠳᠠᠭᠤᠤ ᠶᠢᠨ ᠨᠠᠶᠢᠷ᠂ ᠤᠷᠤᠨ ᠲᠠᠶᠠᠭᠠᠷ ᠤᠨ ᠤᠯᠠᠮᠵᠢᠯᠠᠯᠳᠤ ᠭᠠᠷ ᠤᠷᠠᠯᠠᠯ+ᠤᠳᠤᠬᠢ ᠪᠦᠳᠦᠬᠡᠯᠴᠢ ᠬᠦᠭᠵᠢᠬᠦᠯᠦᠯ ᠤᠨ ᠦᠵᠡᠰᠬᠦᠯᠡᠩ ᠵᠡᠷᠬᠡ ᠶᠢ ᠵᠤᠬᠢᠶᠠᠨ ᠪᠠᠶᠢᠭᠤᠯᠤᠭᠰᠠᠨ ᠪᠠᠶᠢᠨ᠎ᠠ᠃ ᠳᠠᠷᠠᠭ᠎ᠠ ᠶᠢᠨ ᠱᠠᠳᠤ ᠨᠢ ᠨᠠᠶᠢᠷ ᠤᠨ ᠨᠡᠬᠡᠬᠡᠯᠳᠡ ᠶᠢᠨ ᠶᠤᠰᠤᠯᠠᠯ ᠢᠶᠡᠷ ᠡᠬᠢᠯᠡᠵᠤ᠂ 9 ᠰᠠᠷ᠎ᠠ ᠶᠢᠨ 3 ᠤ ᠡᠳᠦᠷ ᠬᠠᠭᠠᠯᠳᠠ ᠪᠡᠨ ᠬᠢᠬᠦ ᠪᠤᠯᠳᠠᠯ᠎ᠠ《ᠳᠠᠯ᠎ᠠ ᠨᠤᠳᠤᠭ ᠤᠨ ᠪᠠᠭᠠᠳᠤᠷ ᠡᠬᠡᠴᠢ ᠦᠬᠢᠨ ᠳᠡᠬᠦᠦ》ᠬᠦᠭᠵᠢᠮᠳᠤ ᠵᠦᠴᠦᠬᠡ᠂《ᠮᠠᠨ ᠤ ᠤᠯᠠᠭᠠᠨᠮᠦ᠋ᠴᠢᠷ》ᠳᠠᠭᠤᠯᠠᠯᠳᠤ ᠵᠦᠴᠦᠬᠡ᠂ ᠮᠤᠩᠭᠤᠯ ᠬᠤᠱᠤᠩ ᠱᠤᠭ ᠤᠨ ᠦᠳᠡᠰᠢᠯᠡᠬᠡ᠂ ᠦᠨᠳᠦᠰᠦᠳᠡᠨ ᠤ ᠺᠢᠨᠣ᠋ ᠪᠠ ᠪᠤᠭᠤᠨᠢ ᠺᠢᠨᠣ᠋ ᠶᠢᠨ ᠦᠵᠡᠰᠬᠦᠯᠡᠩ ᠵᠡᠷᠬᠡ ᠶᠢ ᠪᠠᠭᠳᠠᠭᠠᠭᠰᠠᠨ ᠤᠯᠠᠨ ᠰᠠᠶᠢᠬᠠᠨ ᠰᠤᠶᠤᠯ ᠤᠷᠠᠯᠢᠭ ᠤᠨ ᠠᠵᠢᠯᠯᠠᠭ᠎ᠠ ᠶᠢ ᠵᠤᠬᠢᠶᠠᠨ ᠪᠠᠶᠢᠭᠤᠯᠤᠨ᠎ᠠ᠃ ᠨᠠᠶᠢᠷ ᠤᠨ ᠳᠠᠷᠠᠭ᠎ᠠ ᠪᠡᠷ᠂ ᠦᠪᠦᠷ ᠮᠤᠩᠭᠤᠯ ᠤᠨ ᠶᠠᠷᠢᠶᠠᠳᠤ ᠵᠦᠴᠦᠬᠡ ᠶᠢᠨ ᠬᠦᠷᠢᠶᠡᠯᠡᠩ ᠡᠴᠡ ᠪᠡᠯᠡᠳᠬᠡᠭᠰᠡᠨ ᠬᠡᠤᠬᠡᠳ ᠤᠨ ᠵᠦᠴᠦᠬᠡ 《ᠰᠢᠳᠢᠳᠤ ᠨᠠᠭᠠᠳᠤᠮ》᠂ ᠦᠪᠦᠷ ᠮᠤᠩᠭᠤᠯ ᠤᠨ ᠳᠦᠷᠪᠡᠳ ᠬᠤᠰᠢᠭᠤᠨ ᠤ ᠤᠯᠠᠭᠠᠨᠮᠦ᠋ᠴᠢᠷ ᠡᠴᠡ ᠪᠡᠯᠡᠳᠬᠡᠭᠰᠡᠨ ᠮᠤᠩᠭᠤᠯ ᠵᠦᠴᠦᠬᠡ 《ᠵᠠᠪᠢᠳᠤ ᠨᠤᠳᠤᠭ ᠠᠮᠤᠭᠤᠯᠠᠩ》᠂ ᠦᠪᠦᠷ ᠮᠤᠩᠭᠤᠯ ᠤᠨ ᠺᠠᠶᠢᠯᠤ ᠰᠢᠶᠠᠨ ᠤ ᠤᠯᠠᠭᠠᠨᠮᠦ᠋ᠴᠢᠷ ᠡᠴᠡ ᠪᠡᠯᠡᠳᠬᠡᠭᠰᠡᠨ ᠶᠠᠷᠢᠶᠠᠳᠤ ᠵᠦᠴᠦᠬᠡ 《ᠢᠯᠳᠤ ᠶᠢᠨ ᠤᠷᠤᠭᠰᠢᠯᠠᠬᠤ ᠠᠶᠠᠰ 》ᠵᠡᠷᠬᠡ ᠰᠢᠯᠢᠳᠡᠭ ᠵᠦᠴᠦᠬᠡ ᠶᠢ ᠤᠷᠤᠨ ᠲᠠᠶᠠᠭᠠᠷ ᠤᠨ ᠬᠡᠮᠵᠢᠶᠡᠨ ᠳᠤ ᠳᠤᠭᠤᠷᠢᠨ ᠳᠤᠭᠯᠠᠵᠤ ᠦᠵᠡᠬᠦᠯᠦᠨ᠎ᠡ᠃ ᠠᠵᠢᠯᠯᠠᠭᠠᠨ ᠤ ᠨᠠᠷᠢᠨ ᠬᠤᠪᠢᠶᠠᠷᠢᠯᠠᠯ ᠲᠠᠢ ᠳᠠᠨᠢᠯᠴᠠᠨ᠎ᠠ ᠤᠤ!

    8 ᠰᠠᠷ᠎ᠠ ᠶᠢᠨ 28 ᠤ 20᠄00 ᠴᠠᠭ᠄ ᠨᠡᠬᠡᠬᠡᠯᠳᠡ ᠶᠢᠨ ᠶᠤᠰᠤᠯᠠᠯ᠂ ᠤᠯᠠᠭᠠᠨ ᠲᠢᠶᠠᠲ᠋ᠷ ᠲᠤ

    8 ᠰᠠᠷ᠎ᠠ ᠶᠢᠨ 28 ᠤ 20᠄00 ᠴᠠᠭ᠄ ᠬᠦᠭᠵᠢᠮᠳᠤ ᠵᠦᠴᠦᠬᠡ《ᠳᠠᠯ᠎ᠠ ᠨᠤᠳᠤᠭ ᠤᠨ ᠪᠠᠭᠠᠳᠤᠷ ᠡᠬᠡᠴᠢ ᠦᠬᠢᠨ ᠳᠡᠬᠦᠦ》᠂ ᠦᠨᠳᠦᠰᠦᠳᠡᠨ ᠤ ᠤᠷᠠᠯᠢᠭ ᠵᠦᠴᠦᠬᠡ ᠶᠢᠨ ᠬᠦᠷᠢᠶᠡᠯᠡᠩ ᠤᠨ ᠳᠠᠭᠤᠤ ᠬᠦᠭᠵᠢᠮ ᠤᠨ ᠳᠠᠩᠬᠢᠮ ᠳᠤ

    8 ᠰᠠᠷ᠎ᠠ ᠶᠢᠨ 28 ᠤ 20᠄00 ᠴᠠᠭ᠄ ᠳᠠᠭᠤᠯᠠᠯᠳᠤ ᠵᠦᠴᠦᠬᠡ《ᠮᠠᠨ ᠤ ᠤᠯᠠᠭᠠᠨᠮᠦ᠋ᠴᠢᠷ》᠂ ᠦᠪᠦᠷ ᠮᠤᠩᠭᠤᠯ ᠤᠨ ᠠᠷᠠᠳ ᠤᠨ ᠬᠤᠷᠠᠯ ᠤᠨ ᠳᠠᠩᠬᠢᠮ ᠳᠤ

    8 ᠰᠠᠷ᠎ᠠ ᠶᠢᠨ 28 ᠤ 15᠄00 ᠴᠠᠭ᠄ ᠦᠨᠳᠦᠰᠦᠳᠡᠨ ᠤ ᠺᠢᠨᠣ᠋ ᠦᠵᠡᠰᠬᠦᠯᠡᠩ ᠤᠨ ᠨᠡᠬᠡᠬᠡᠯᠳᠡ᠂ ᠰᠤᠯᠤᠩᠭᠠᠨ ᠬᠤᠳᠠ ᠶᠢᠨ ᠺᠠᠢ ᠨᠦᠧᠧ ᠤᠭᠳᠠᠷᠭᠤᠢ ᠺᠢᠨᠣ᠋ ᠤᠷᠳᠤᠨ (七彩城凯诺星空影城)

    8 ᠰᠠᠷ᠎ᠠ ᠶᠢᠨ 29 ᠤ 9᠄00 ᠴᠠᠭ᠄ ᠳᠠᠯ᠎ᠠ ᠨᠤᠳᠤᠭ ᠤᠨ ᠰᠤᠶᠤᠯ ᠤᠨ ᠰᠡᠳᠦᠪᠳᠤ ᠹᠤᠷᠦ᠋ᠮ᠂ ᠬᠠᠢ ᠬᠠᠩ ᠵᠤᠴᠢᠳ ᠪᠠᠭᠤᠳᠠᠯ ᠳᠤ

    8 ᠰᠠᠷ᠎ᠠ ᠶᠢᠨ 29-30 ᠤ 20᠄00 ᠴᠠᠭ᠄ ᠮᠤᠩᠭᠤᠯ ᠬᠤᠱᠤᠩ ᠱᠤᠭ ᠤᠨ ᠦᠳᠡᠰᠢᠯᠡᠬᠡ᠂ ᠦᠪᠦᠷ ᠮᠤᠩᠭᠤᠯ ᠤᠨ ᠤᠷᠠᠯᠢᠭ ᠤᠨ ᠳᠡᠬᠡᠳᠦ ᠰᠤᠷᠭᠠᠭᠤᠯᠢ ᠶᠢᠨ ᠳᠠᠭᠤᠤ ᠬᠦᠭᠵᠢᠮ ᠤᠨ ᠳᠠᠩᠬᠢᠮ ᠳᠤ

    8 ᠰᠠᠷ᠎ᠠ ᠶᠢᠨ 29 ᠤ 20᠄00 ᠴᠠᠭ᠄ ᠳᠠᠭᠤᠯᠠᠯᠳᠤ ᠵᠦᠴᠦᠬᠡ《ᠮᠠᠨ ᠤ ᠤᠯᠠᠭᠠᠨᠮᠦ᠋ᠴᠢᠷ》᠂ ᠦᠪᠦᠷ ᠮᠤᠩᠭᠤᠯ ᠤᠨ ᠠᠷᠠᠳ ᠤᠨ ᠬᠤᠷᠠᠯ ᠤᠨ ᠳᠠᠩᠬᠢᠮ ᠳᠤ

    8 ᠰᠠᠷ᠎ᠠ ᠶᠢᠨ 31 ᠤ 10᠄30 ᠴᠠᠭ᠄ ᠪᠤᠭᠤᠨᠢ ᠺᠢᠨᠣ᠋ ᠦᠵᠡᠰᠬᠦᠯᠡᠩ ᠤᠨ ᠨᠡᠬᠡᠬᠡᠯᠳᠡ᠂ ᠦᠪᠦᠷ ᠮᠤᠩᠭᠤᠯ ᠤᠨ ᠷᠠᠳᠢᠣ᠋ ᠲᠧᠯᠧᠶ᠋ᠰ ᠬᠤᠷᠢᠶ᠎ᠠ

    8 ᠰᠠᠷ᠎ᠠ ᠶᠢᠨ 31- 9 ᠰᠠᠷ᠎ᠠ ᠶᠢᠨ 1 ᠤ 20᠄00 ᠴᠠᠭ᠄ ᠤᠯᠠᠭᠠᠨᠮᠦ᠋ᠴᠢᠷ ᠤᠷᠠᠯᠢᠭ ᠤᠨ ᠰᠢᠯᠢᠳᠡᠭ ᠪᠦᠳᠦᠬᠡᠯ ᠤᠨ ᠳᠤᠭᠯᠠᠯᠳᠠ - ᠤᠯᠠᠭᠠᠨ ᠲᠢᠶᠠᠲ᠋ᠷ ᠲᠤ᠂ ᠪᠦᠵᠢᠭᠳᠤ ᠵᠦᠴᠦᠬᠡ 《ᠬᠦᠪᠴᠢ》 - ᠦᠨᠳᠦᠰᠦᠳᠡᠨ ᠤ ᠤᠷᠠᠯᠢᠭ ᠵᠦᠴᠦᠬᠡ ᠶᠢᠨ ᠬᠦᠷᠢᠶᠡᠯᠡᠩ ᠤᠨ ᠳᠠᠭᠤᠤ ᠬᠦᠭᠵᠢᠮ ᠤᠨ ᠳᠠᠩᠬᠢᠮ ᠳᠤ

    9 ᠰᠠᠷ᠎ᠠ ᠶᠢᠨ 1 ᠤ 20᠄00 ᠴᠠᠭ᠄ 《ᠳᠠᠯ᠎ᠠ ᠨᠤᠳᠤᠭ ᠤᠨ ᠰᠢᠯᠦᠭᠯᠡᠯᠳᠦ ᠵᠢᠷᠤᠭ》 - ᠦᠪᠦᠷ ᠮᠤᠩᠭᠤᠯ ᠤᠨ ᠤᠷᠠᠯᠢᠭ ᠤᠨ ᠳᠡᠬᠡᠳᠦ ᠰᠤᠷᠭᠠᠭᠤᠯᠢ ᠶᠢᠨ ᠳᠠᠭᠤᠤ ᠬᠦᠭᠵᠢᠮ ᠤᠨ ᠳᠠᠩᠬᠢᠮ ᠳᠤ

    9 ᠰᠠᠷ᠎ᠠ ᠶᠢᠨ 1-2 ᠤᠨ 20᠄00 ᠴᠠᠭ᠄ ᠡᠯ ᠷᠧᠨ ᠳᠠᠢ ᠵᠦᠴᠦᠬᠡ《ᠳᠠᠯᠠᠨ ᠬᠠᠷ᠎ᠠ ᠶᠢᠨ ᠦᠬᠢᠳ ᠬᠦᠪᠡᠬᠦᠳ》- ᠦᠪᠦᠷ ᠮᠤᠩᠭᠤᠯ ᠤᠨ ᠠᠷᠠᠳ ᠤᠨ ᠬᠤᠷᠠᠯ ᠤᠨ ᠳᠠᠩᠬᠢᠮ ᠳᠤ

    9 ᠰᠠᠷ᠎ᠠ ᠶᠢᠨ 3 ᠤ 20᠄00 ᠴᠠᠭ᠄ 《ᠳᠠᠯ᠎ᠠ ᠨᠤᠳᠤᠭ ᠤᠨ ᠤᠯᠠᠭᠠᠨᠮᠦ᠋ᠴᠢᠷ》 ᠳᠤᠭᠯᠠᠯᠳᠠ ᠵᠢᠴᠢ ᠱᠠᠩᠨᠠᠯ ᠤᠯᠭᠤᠬᠤ ᠶᠤᠰᠤᠯᠠᠯ᠂ ᠬᠠᠭᠠᠯᠳᠠ

ᠢᠷᠡᠯᠳᠡ᠄ ᠰᠢᠨᠬᠤᠧᠠ ᠮᠤᠩᠭᠤᠯ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120701121543441