蒙古文网站Logo
ᠰᠢᠨᠬᠤᠸᠠ ᠮᠤᠩᠭ᠋ᠤᠯ ᠨᠧᠲ

ᠪᠡᠬᠡᠵᠢᠩ ᠤᠨ ᠤᠯᠠᠨ ᠤᠯᠤᠰ ᠤᠨ ᠨᠤᠮ ᠤᠨ ᠦᠵᠡᠰᠬᠦᠯᠡᠩ ᠢᠶᠡᠷ ᠤᠯᠠᠨ ᠮᠤᠩᠭᠤᠯ ᠨᠤᠮ ᠳᠡᠯᠬᠡᠭᠳᠡᠵᠡᠢ

2017-08-26 11:05

    ᠪᠡᠬᠡᠵᠢᠩ ᠤᠨ ᠬᠤᠷᠢᠨ ᠳᠦᠷᠪᠡᠳᠦᠬᠡᠷ ᠬᠤᠭᠤᠴᠠᠭᠠᠨ ᠤ ᠤᠯᠠᠨ ᠤᠯᠤᠰ ᠤᠨ ᠨᠤᠮ ᠤᠨ ᠦᠵᠡᠰᠬᠦᠯᠡᠩ ᠪᠤᠯᠤᠨ ᠠᠷᠪᠠᠨ ᠳᠠᠪᠤᠳᠤᠭᠠᠷ ᠬᠤᠭᠤᠴᠠᠭᠠᠨ ᠤ ᠪᠡᠬᠡᠵᠢᠩ ᠤᠨ ᠤᠯᠠᠨ ᠤᠯᠤᠰ ᠤᠨ ᠨᠤᠮ ᠤᠨ ᠨᠠᠶᠢᠷ 23 ᠤ ᠡᠳᠦᠷ ᠳᠤᠮᠳᠠᠳᠤ ᠤᠯᠤᠰ ᠤᠨ ᠤᠯᠠᠨ ᠤᠯᠤᠰ ᠤᠨ ᠦᠵᠡᠰᠬᠦᠯᠡᠩ ᠤᠨ ᠳᠦᠪ ᠲᠤ ᠨᠡᠬᠡᠬᠡᠯᠳᠡ ᠪᠡᠨ ᠬᠢᠪᠡ᠃

    ᠤᠯᠤᠰ ᠤᠨ ᠰᠤᠨᠢᠨ ᠮᠡᠳᠡᠬᠡ ᠬᠡᠪᠯᠡᠯ ᠷᠠᠳᠢᠣ᠋ ᠲᠧᠯᠧᠶ᠋ᠰ ᠤᠨ ᠶᠡᠷᠦᠩᠬᠡᠢ ᠳᠤᠪᠴᠢᠶ᠎ᠠ᠂ ᠪᠡᠬᠡᠵᠢᠩ ᠬᠤᠳᠠ ᠶᠢᠨ ᠠᠷᠠᠳ ᠤᠨ ᠵᠠᠰᠠᠭ ᠤᠨ ᠤᠷᠳᠤᠨ ᠡᠴᠡ ᠰᠠᠨᠠᠭᠠᠴᠢᠯᠠᠵᠤ᠂ ᠳᠤᠮᠳᠠᠳᠤ ᠤᠯᠤᠰ ᠤᠨ ᠨᠤᠮ ᠤᠨ ᠭᠠᠳᠠᠭᠠᠳᠤ ᠠᠷᠠᠯᠵᠢᠶᠠᠨ ᠤ ᠪᠦᠯᠦᠭᠯᠡᠯ ᠺᠤᠮᠫᠠᠨᠢ ᠵᠤᠬᠢᠶᠠᠨ ᠪᠠᠶᠢᠭᠤᠯᠤᠭᠰᠠᠨ ᠡᠨᠡᠬᠦ ᠦᠵᠡᠰᠬᠦᠯᠡᠩ ᠢᠶᠡᠷ 89 ᠤᠯᠤᠰ ᠤᠷᠤᠨ ᠤ 2500 ᠭᠠᠷᠤᠢ ᠨᠤᠮ ᠬᠡᠪᠯᠡᠯ ᠤᠨ ᠬᠢᠨ ᠤᠷᠤᠯᠴᠠᠵᠤ ᠪᠠᠶᠢᠬᠤ ᠳᠡᠳᠦᠢ ᠦᠬᠡᠢ 《ᠨᠢᠬᠡ ᠪᠦᠰᠡ ᠨᠢᠬᠡ ᠵᠠᠮ》 ᠳᠠᠭᠠᠤ ᠶᠢᠨ 28 ᠤᠯᠤᠰ ᠤᠷᠤᠯᠴᠠᠵᠤ ᠪᠠᠶᠢᠨ᠎ᠠ᠃

    ᠡᠨᠡ ᠦᠵᠡᠰᠬᠦᠯᠡᠩ ᠨᠢ ᠮᠦᠨ ᠴᠤ ᠮᠠᠨ ᠤ ᠤᠯᠤᠰ ᠤᠨ ᠴᠦᠬᠡᠨ ᠳᠤᠭᠠᠳᠤ ᠦᠨᠳᠦᠰᠦᠳᠡᠨ ᠤ ᠨᠤᠮ ᠬᠡᠪᠯᠡᠯ ᠢ ᠪᠠᠭᠳᠠᠭᠠᠭᠰᠠᠨ ᠡᠯ᠎ᠡ ᠳᠦᠷᠦᠯ ᠤᠨ ᠨᠤᠮ ᠬᠡᠪᠯᠡᠯ ᠢ ᠭᠠᠳᠠᠭᠠᠳᠤ ᠳᠤ ᠭᠠᠷᠭᠠᠵᠤ᠂ ᠳᠡᠯᠡᠬᠡᠢ ᠳ᠋ᠠᠬᠢᠨ ᠳᠤ ᠳᠠᠨᠢᠯᠴᠠᠭᠤᠯᠬᠤ ᠴᠢᠬᠤᠯᠠ ᠠᠷᠭ᠎ᠠ ᠬᠡᠮᠵᠢᠶ᠎ᠡ ᠪᠤᠯᠤᠭᠰᠠᠨ ᠪᠠᠶᠢᠨ᠎ᠠ᠃ ᠡᠶᠢᠨᠬᠦ ᠳᠤᠯᠤᠭᠠᠨ ᠬᠡᠪᠯᠡᠯ ᠤᠨ ᠬᠤᠷᠢᠶ᠎ᠠ ᠶᠢ ᠪᠠᠭᠳᠠᠭᠠᠭᠰᠠᠨ ᠦᠪᠦᠷ ᠮᠤᠩᠭᠤᠯ ᠤᠨ ᠬᠡᠪᠯᠡᠯ ᠤᠨ ᠪᠦᠯᠦᠭᠯᠡᠯ ᠡᠨᠡᠬᠦ ᠦᠵᠡᠰᠬᠦᠯᠡᠩ ᠳᠤ ᠤᠷᠤᠯᠴᠠᠵᠠᠢ᠃ ᠦᠪᠦᠷ ᠮᠤᠩᠭᠤᠯ ᠤᠨ ᠮᠤᠩᠭᠤᠯ ᠬᠡᠪᠯᠡᠯ ᠤᠨ ᠬᠢᠨ ᠪᠡᠬᠡᠵᠢᠩ ᠤᠨ ᠤᠯᠠᠨ ᠤᠯᠤᠰ ᠤᠨ ᠨᠤᠮ ᠤᠨ ᠦᠵᠡᠰᠬᠦᠯᠡᠩ ᠳᠤ ᠤᠳᠠᠭ᠎ᠠ ᠪᠦᠷᠢ ᠢᠳᠡᠪᠬᠢᠯᠡᠨ ᠤᠷᠤᠯᠴᠠᠵᠤ᠂ ᠮᠤᠩᠭᠤᠯ ᠳᠡᠤᠬᠡ ᠰᠤᠶᠤᠯ ᠤᠨ ᠨᠤᠮ ᠪᠦᠳᠦᠬᠡᠯ ᠢᠶᠡᠨ ᠦᠷᠬᠡᠨ ᠤᠯᠠᠨ ᠤᠩᠰᠢᠭᠴᠢᠳ ᠲᠤ ᠳᠠᠨᠢᠯᠴᠠᠭᠤᠯᠵᠤ᠂ ᠴᠢᠨᠠᠭᠰᠢᠯᠠᠨ ᠭᠠᠳᠠᠭᠠᠳᠤ ᠲᠠᠢ ᠬᠡᠪᠯᠡᠯ ᠤᠨ ᠡᠷᠬᠡ ᠶᠢᠨ ᠰᠤᠯᠢᠯᠴᠠᠭ᠎ᠠ ᠬᠢᠵᠤ ᠠᠮᠵᠢᠯᠳᠠ ᠲᠠᠢ ᠠᠵᠢᠯᠯᠠᠭᠰᠠᠭᠠᠷ ᠢᠷᠡᠵᠡᠢ᠃

ᠢᠷᠡᠯᠳᠡ᠄ ᠳᠤᠮᠳᠠᠳᠤ ᠤᠯᠤᠰ ᠤᠨ ᠮᠤᠩᠭᠤᠯ ᠷᠠᠳᠢᠣ᠋ ᠰᠦᠯᠵᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120701121546514