蒙古文网站Logo
ᠰᠢᠨᠬᠤᠸᠠ ᠮᠤᠩᠭ᠋ᠤᠯ ᠨᠧᠲ

ᠬᠦᠬᠡᠨᠠᠭᠤᠷ ᠮᠤᠵᠢ ᠠᠮᠢ ᠠᠬᠤᠢ ᠶ᠋ᠢᠨ ᠤᠷᠴᠢᠨ ᠳᠤᠭᠤᠷᠢᠨ ᠢ ᠬᠠᠮᠠᠭᠠᠯᠠᠬᠤ ᠴᠡᠷ᠎ᠠ ᠬᠦᠷᠢᠶᠡᠨ ᠳ᠋ᠥ ᠤᠷᠤᠰᠢᠭᠰᠠᠨ 56 ᠨᠡᠶᠢᠳᠡᠯᠢᠭ ᠠᠰᠠᠭᠤᠳᠠᠯ ᠢ ᠴᠢᠩᠭ᠎ᠠ ᠬᠢᠨᠠᠨ ᠰᠢᠢᠳᠪᠦᠷᠢᠯᠡᠵᠡᠢ

2017-08-27 10:59

    ᠳᠤᠮᠳᠠᠳᠤ ᠤᠯᠤᠰ ᠤᠨ ᠮᠣᠩᠭᠣᠯ ᠷᠠᠳᠢᠣ᠋ ᠰᠦᠯᠵᠢᠶ᠎ᠡ ᠶᠢᠨ 8 ᠰᠠᠷ᠎ᠠ ᠵᠢᠨ 26 ‍ᠥ ᠡᠳᠦᠷ ‍ᠥᠨ ᠮᠡᠳᠡᠭᠡ ᠶᠢ ᠦᠨᠳᠦᠰᠦᠯᠡᠪᠡᠯ᠂ ᠬᠦᠬᠡᠨᠠᠭᠤᠷ ᠮᠤᠵᠢ ᠡᠨᠡ ᠵᠢᠯ ᠡᠴᠠ ᠨᠠᠰᠢ ᠠᠮᠢ ᠠᠬᠤᠢ ᠶᠢᠨ ᠤᠷᠴᠢᠨ ᠳᠤᠭᠤᠷᠢᠨ ᠢ ᠬᠠᠮᠠᠭᠠᠯᠠᠬᠤ ᠴᠡᠷ᠎ᠠ ᠬᠦᠷᠢᠶᠡᠨ ᠳ᠋ᠥ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠵᠶ᠋ᠡᠨ ᠴᠢᠩᠭᠠᠯᠠᠵᠤ᠂ ᠪᠠᠶᠢᠭᠠᠯᠢ ᠤᠷᠴᠢᠨ ᠢ ᠬᠠᠮᠠᠭᠠᠯᠠᠬᠤ ᠳᠠᠯ᠎ᠠ ᠪᠡᠷ ᠤᠷᠤᠰᠢᠵᠤ ᠪᠠᠶᠢᠬᠤ 56 ᠨᠡᠶᠢᠳᠡᠯᠢᠭ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ 259 ᠬᠦᠮᠦᠨ ᠡᠴᠠ ᠬᠠᠷᠢᠭᠤᠴᠠᠯᠭ᠎ᠠ ᠨᠡᠬᠡᠮᠵᠢᠯᠡᠨ ᠰᠢᠢᠳᠪᠦᠷᠢᠯᠡᠭᠰᠡᠨ ᠪᠠᠶᠢᠨ᠎ᠠ᠃

    ᠬᠠᠷᠢᠭᠤᠴᠠᠯᠭ᠎ᠠ ᠨᠡᠬᠡᠮᠵᠢᠯᠡᠭᠰᠡᠨ 259 ᠬᠦᠮᠦᠨ ᠤ ᠳᠤᠳᠤᠷᠡᠬᠢ 66 ᠬᠦᠮᠦᠨ ᠳ᠋ᠥ ᠨᠠᠮ ᠵᠠᠰᠠᠭ ᠤᠨ ᠰᠢᠳᠬᠡᠯ ᠤᠯᠭᠤᠵᠤ᠂ 62 ᠬᠦᠮᠦᠨ ᠢ ᠬᠦᠮᠦᠵᠢᠬᠦᠯᠦᠨ ᠰᠤᠷᠭᠠᠵᠤ᠂ 3 ᠬᠦᠮᠦᠨ ᠳ᠋ᠥ ᠵᠤᠬᠢᠶᠠᠨ ᠪᠠᠶᠢᠭᠤᠯᠤᠯᠳᠠ ᠶᠢᠨ ᠰᠢᠳᠬᠡᠯ ᠤᠯᠭᠤᠵᠤ᠂ 86 ᠬᠦᠮᠦᠨ ᠳᠠᠢ ᠪᠤᠯᠵᠤᠨ ᠶᠠᠷᠢᠯᠴᠠᠵᠤ ᠰᠡᠷᠡᠮᠵᠢᠯᠡᠬᠦᠯᠦᠨ᠂ 18 ᠬᠦᠮᠦᠨ ᠢ ᠵᠠᠷᠯᠠᠨ ᠰᠢᠬᠦᠮᠵᠢᠯᠡᠵᠦ᠂ 23 ᠬᠦᠮᠦᠨ ᠢ ᠪᠠᠶᠢᠴᠠᠭᠠᠯᠳᠠ ᠪᠢᠴᠢᠬᠦᠯᠦᠭᠰᠡᠨ ᠪᠠᠶᠢᠨ᠎ᠠ᠃

    ᠬᠦᠬᠡᠨᠠᠭᠤᠷ ᠤᠨ ᠬᠢᠨ ᠪᠠᠰᠠ ᠠᠩᠬᠠᠨ ᠤ 6 ᠨᠡᠶᠢᠳᠡᠯᠢᠭ ᠬᠡᠷᠡᠭ ᠢ ᠢᠯᠡ ᠪᠡᠷ ᠵᠠᠷᠯᠠᠵᠤ᠂ ᠠᠮᠢ ᠠᠬᠤᠢ ᠪᠠᠶᠢᠭᠠᠯᠢ ᠤᠷᠴᠢᠨ ᠢ ᠬᠠᠮᠠᠭᠠᠯᠠᠬᠤ ᠴᠡᠷ᠎ᠠ ᠬᠦᠷᠢᠶᠡᠨ ᠳ᠋ᠥ ᠬᠠᠤᠯᠢ ᠶᠢ ᠵᠦᠷᠢᠴᠡᠨ ᠶᠠᠯᠠᠳᠤ ᠬᠡᠷᠡᠭ ᠦᠢᠯᠡᠳᠬᠦ ᠠᠵᠢᠯᠯᠠᠭ᠎ᠠ ᠶᠢ ᠴᠢᠩᠭ᠎ᠠ ᠬᠤᠷᠢᠭᠯᠠᠭᠰᠠᠨ ᠪᠠᠶᠢᠨ᠎ᠠ᠃

ᠢᠷᠡᠯᠳᠡ᠄ ᠳᠤᠮᠳᠠᠳᠤ ᠤᠯᠤᠰ ᠤᠨ ᠮᠣᠩᠭᠣᠯ ᠷᠠᠳᠢᠣ᠋ ᠰᠦᠯᠵᠢᠶ᠎ᠡ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120701121549498