蒙古文网站Logo
ᠰᠢᠨᠬᠤᠸᠠ ᠮᠤᠩᠭ᠋ᠤᠯ ᠨᠧᠲ

ᠪᠡᠬᠡᠵᠢᠩ ᠤᠨ ᠤᠯᠠᠨ ᠤᠯᠤᠰ ᠤᠨ ᠨᠤᠮ ᠤᠨ ᠦᠵᠡᠰᠬᠦᠯᠡᠩ ᠬᠠᠭᠠᠯᠳᠠ ᠪᠡᠨ ᠬᠢᠪᠡ

2017-08-28 09:55

    ᠰᠢᠨᠬᠤᠧᠠ ᠬᠤᠷᠢᠶ᠎ᠠ   ᠪᠡᠭᠡᠵᠢᠩ ᠤᠨ 8 ᠰᠠᠷ᠎ᠠ ᠶᠢᠨ 27 ᠤ ᠡᠳᠦᠷ ᠤᠨ ᠴᠠᠬᠢᠯᠭᠠᠨ ᠮᠡᠳᠡᠭᠡ   5 ᠡᠳᠦᠷ ᠦᠷᠬᠦᠯᠵᠢᠯᠡᠭᠰᠡᠨ ᠬᠤᠷᠢᠨ ᠳᠦᠷᠪᠡᠳᠦᠬᠡᠷ ᠬᠤᠭᠤᠴᠠᠭᠠᠨ ᠤ ᠪᠡᠬᠡᠵᠢᠩ ᠤᠨ ᠤᠯᠠᠨ ᠤᠯᠤᠰ ᠤᠨ ᠨᠤᠮ ᠤᠨ ᠦᠵᠡᠰᠬᠦᠯᠡᠩ 27 ᠤ ᠡᠳᠦᠷ ᠬᠠᠭᠠᠯᠳᠠ ᠪᠡᠨ ᠬᠢᠵᠡᠢ᠃

    ᠭᠠᠵᠠᠷ ᠳᠡᠬᠡᠷ᠎ᠡ ᠨᠢ ᠬᠢᠭᠰᠡᠨ ᠠᠩᠬᠠᠨ ᠤ ᠪᠦᠷᠢᠳᠬᠡᠯ ᠢᠶᠡᠷ ᠤᠯᠤᠰ ᠤᠨ ᠳᠤᠳᠤᠭᠠᠳᠤ ᠭᠠᠳᠠᠭᠠᠳᠤ ᠶᠢᠨ ᠬᠡᠪᠯᠡᠯ ᠤᠨ ᠡᠷᠬᠡ ᠶᠢᠨ ᠠᠷᠠᠯᠵᠢᠶᠠᠨ ᠤ ᠬᠡᠯᠡᠯᠴᠡᠬᠡᠷ ᠨᠡᠶᠢᠳᠡ 5262 ᠳᠦᠷᠦᠯ ᠪᠠᠶᠢᠭᠤᠯᠤᠭᠳᠠᠵᠤ᠂ ᠦᠩᠬᠡᠷᠡᠭᠰᠡᠨ ᠤ ᠠᠳᠠᠯᠢ ᠬᠤᠭᠤᠴᠠᠭᠠᠨ ᠤ ᠬᠢ ᠡᠴᠡ 4.9% ᠪᠡᠷ ᠨᠡᠮᠡᠭᠳᠡᠵᠡᠢ᠃ ᠡᠬᠦᠨ ᠳᠤ ᠡᠯ᠎ᠡ ᠳᠦᠷᠦᠯ ᠤᠨ ᠬᠡᠪᠯᠡᠯ ᠤᠨ ᠡᠷᠬᠡ ᠶᠢ ᠡᠺᠰᠫᠤᠷᠲ᠋ᠯᠠᠬᠤ ᠪᠠ ᠬᠡᠪᠯᠡᠯ ᠤᠨ ᠬᠠᠮᠳᠤ ᠶᠢᠨ ᠠᠵᠢᠯᠯᠠᠭᠠᠨ ᠤ ᠬᠡᠯᠡᠯᠴᠡᠬᠡᠷ 3244 ᠪᠠᠭᠳᠠᠵᠤ᠂ ᠦᠩᠬᠡᠷᠡᠭᠰᠡᠨ ᠤ ᠠᠳᠠᠯᠢ ᠬᠤᠭᠤᠴᠠᠭᠠᠨ ᠤ ᠬᠢ ᠡᠴᠡ 5.5% ᠪᠡᠷ ᠨᠡᠮᠡᠭᠳᠡᠭᠰᠡᠨ ᠪᠤᠯ᠂ ᠢᠮᠫᠤᠷᠲ᠋ᠯᠠᠭᠰᠠᠨ ᠬᠡᠪᠯᠡᠯ ᠤᠨ ᠡᠷᠬᠡ ᠶᠢᠨ ᠬᠡᠯᠡᠯᠴᠡᠬᠡᠷ 2018 ᠪᠠᠶᠢᠵᠤ᠂ ᠮᠦᠨ ᠦᠩᠬᠡᠷᠡᠭᠰᠡᠨ ᠤ ᠠᠳᠠᠯᠢ ᠬᠤᠭᠤᠴᠠᠭᠠᠨ ᠤ ᠬᠢ ᠡᠴᠡ 3.9% ᠪᠡᠷ ᠨᠡᠮᠡᠭᠳᠡᠵᠡᠢ᠃

    ᠨᠤᠮ ᠤᠨ ᠦᠵᠡᠰᠬᠦᠯᠡᠩ ᠢᠶᠡᠷ ᠰᠤᠶᠤᠯ ᠤᠨ ᠠᠵᠢᠯᠯᠠᠭ᠎ᠠ᠂ ᠰᠢᠨ᠎ᠡ ᠨᠤᠮ ᠤᠨ ᠨᠡᠬᠡᠬᠡᠯᠳᠡ᠂ ᠱᠠᠩᠨᠠᠯ ᠤᠯᠭᠤᠬᠤ᠂ ᠰᠠᠯᠤᠨ᠂ ᠹᠤᠷᠦ᠋ᠮ᠂ ᠳᠤᠭᠯᠠᠯᠳᠠ ᠵᠡᠷᠬᠡ ᠠᠷᠭ᠎ᠠ ᠬᠡᠮᠵᠢᠶ᠎ᠡ ᠨᠤᠬᠦᠳ ᠵᠤᠬᠢᠶᠠᠨ ᠪᠠᠶᠢᠭᠤᠯᠤᠭᠳᠠᠪᠠ᠃ ᠭᠤᠤᠯ ᠵᠤᠴᠢᠨ ᠤᠯᠤᠰ ᠪᠤᠯᠤᠭᠰᠠᠨ ᠢᠷᠠᠨ ᠨᠢ ᠳᠤᠰ ᠬᠦᠷᠦᠨ ᠤ ᠪᠡᠨ ᠵᠤᠬᠢᠶᠠᠯᠴᠢᠳ ᠤᠨ ᠬᠦᠷᠦᠭ ᠱᠤᠭᠤᠮᠠᠯ᠂ 70 ᠬᠠᠪᠰᠤᠷᠤᠯᠳᠠ ᠵᠢᠷᠤᠭ᠂ 34 ᠺᠠᠷᠲ᠋ᠤᠨ ᠵᠢᠷᠤᠭ ᠠᠪᠴᠢᠷᠠᠵᠤ ᠳᠡᠯᠬᠡᠭᠰᠡᠨ ᠪᠠ 6 ᠵᠤᠬᠢᠶᠠᠯᠴᠢ ᠤᠷᠢᠵᠤ ᠠᠪᠴᠢᠷᠠᠨ ᠰᠤᠶᠤᠯ ᠤᠨ ᠠᠵᠢᠯᠯᠠᠭᠠᠨ ᠳᠤ ᠤᠷᠤᠯᠴᠠᠭᠤᠯᠵᠠᠢ᠃ ᠡᠺᠰᠫᠤᠷᠲ᠋ᠯᠠᠭᠰᠠᠨ ᠬᠡᠪᠯᠡᠯ ᠤᠨ ᠡᠷᠬᠡ ᠲᠠᠢ ᠨᠤᠮ ᠤᠳ ᠨᠢ ᠳᠦᠷᠦᠯ ᠵᠦᠢᠯ ᠤᠨ ᠬᠤᠪᠢ ᠳᠤ ᠭᠤᠤᠯᠳᠠᠭᠤ ᠬᠡᠤᠬᠡᠳ ᠪᠠᠭᠠᠴᠤᠳ ᠤᠨ᠂ ᠤᠷᠠᠨ ᠵᠤᠬᠢᠶᠠᠯ᠂ ᠰᠤᠶᠤᠯ ᠰᠤᠷᠭᠠᠨ ᠬᠦᠮᠦᠵᠢᠯ᠂ ᠡᠳ᠋ ᠤᠨ ᠵᠠᠰᠠᠭ᠂ ᠬᠦᠨ ᠤᠬᠠᠭᠠᠨ ᠤ ᠳᠦᠷᠦᠯ ᠤᠨ ᠨᠤᠮ ᠤᠳ ᠳᠦᠷᠦᠬᠦᠦ ᠪᠠᠶᠢᠷᠢ ᠶᠢ ᠡᠵᠡᠯᠡᠵᠡᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120701121553906