蒙古文网站Logo
ᠰᠢᠨᠬᠤᠸᠠ ᠮᠤᠩᠭ᠋ᠤᠯ ᠨᠧᠲ

ᠬᠦᠢᠵᠧᠤ ᠶᠢᠨ ᠨᠠᠶᠦ᠋ᠩ ᠰᠢᠶᠠᠨ ᠳᠤ ᠠᠭᠤᠯᠠ ᠶᠡᠬᠦᠷᠡᠵᠠᠢ

2017-08-29 11:19

    ᠰᠢᠨᠬᠤᠧᠠ ᠬᠤᠷᠢᠶ᠎ᠠ   ᠬᠦᠢᠶᠠᠩ ᠤᠨ 8 ᠰᠠᠷ᠎ᠠ ᠶᠢᠨ 28 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠯᠦᠧᠧ ᠹᠧᠢ᠂ ᠯᠢ ᠴᠢᠶᠠᠨ ᠢᠤᠢ) 8 ᠰᠠᠷ᠎ᠠ ᠶᠢᠨ 28 ᠤ ᠡᠳᠦᠷ ᠤᠨ 10᠄40 ᠴᠠᠭ ᠤᠨ ᠦᠶ᠎ᠡ ᠪᠡᠷ ᠬᠦᠢᠵᠧᠤ ᠮᠤᠵᠢ ᠶᠢᠨ ᠨᠠᠶᠦ᠋ᠩ ᠰᠢᠶᠠᠨ ᠤ ᠵᠠᠩ ᠵᠢᠶᠠ ᠸᠠᠨ ᠪᠠᠯᠭᠠᠰᠤᠨ ᠤ ᠫᠦᠰᠠ ᠳᠤᠭᠤᠷᠢᠭ ᠤᠨ ᠳ᠋ᠠ ᠱᠦ ᠵᠢᠶᠤᠤ ᠳᠤ ᠠᠭᠤᠯᠠ ᠶᠡᠬᠦᠷᠡᠪᠡ᠃ ᠠᠩᠬᠠᠨ ᠤ ᠬᠢᠨᠠᠯᠳᠠ ᠪᠡᠷ 34 ᠡᠷᠦᠬᠡ ᠭᠠᠮᠰᠢᠭᠳᠠᠭᠰᠠᠨ ᠨᠢ ᠳᠤᠳᠤᠯᠠᠭᠳᠠᠵᠤ᠂ 6 ᠬᠦᠮᠦᠨ ᠢ ᠠᠪᠤᠷᠠᠨ ᠭᠠᠷᠭᠠᠭᠰᠠᠨ ᠤ ᠳᠤᠳᠤᠷ᠎ᠠ 2 ᠨᠢ ᠨᠢᠬᠡᠨᠳᠡ ᠠᠮᠢ ᠪᠡᠨ ᠠᠯᠳᠠᠵᠠᠢ᠂ ᠪᠠᠰᠠ 25 ᠬᠦᠮᠦᠨ ᠢ ᠬᠠᠶᠢᠵᠤ ᠤᠯᠤᠭ᠎ᠠ ᠦᠬᠡᠢ ᠪᠠᠶᠢᠨ᠎ᠠ᠃

    ᠭᠠᠮᠰᠢᠭ ᠤᠨ ᠳᠠᠷᠠᠭ᠎ᠠ ᠬᠦᠢᠵᠧᠤ ᠮᠤᠵᠢ᠂ ᠪᠢᠵᠢᠶᠧ ᠬᠤᠳᠠ᠂ ᠨᠠᠶᠦ᠋ᠩ ᠰᠢᠶᠠᠨ ᠤ ᠨᠠᠮ ᠵᠠᠰᠠᠭ ᠤᠨ ᠭᠤᠤᠯ ᠤᠳᠤᠷᠢᠳᠬᠤ ᠬᠦᠮᠦᠰ ᠠᠵᠢᠯ ᠤᠨ ᠪᠠᠭ ᠳᠠᠭᠠᠭᠤᠯᠤᠨ ᠳᠡᠷᠡ ᠳᠠᠷᠤᠢ ᠭᠠᠵᠠᠷ ᠳᠡᠬᠡᠷ᠎ᠡ ᠨᠢ ᠬᠦᠷᠴᠤ ᠠᠪᠤᠷᠠᠨ ᠳᠤᠰᠠᠯᠠᠬᠤ ᠠᠵᠢᠯ ᠢ ᠵᠢᠯᠤᠭᠤᠳᠪᠠ᠃ ᠡᠬᠦᠨ ᠤ ᠵᠡᠷᠬᠡᠴᠡᠬᠡ ᠪᠠᠴᠢᠮ ᠪᠠᠶᠢᠳᠠᠯ ᠢ ᠠᠷᠭᠠᠴᠠᠬᠤ ᠳᠦᠰᠦᠯ ᠪᠤᠯᠪᠠᠰᠤᠷᠠᠭᠤᠯᠵᠤ ᠭᠠᠯ ᠰᠡᠷᠬᠡᠶᠢᠯᠡᠬᠦ᠂ ᠵᠡᠪᠰᠡᠭᠳᠤ ᠴᠠᠭᠳᠠᠭ᠎ᠠ᠂ ᠳᠤᠳᠤᠭᠠᠳᠤ ᠶᠢ ᠬᠠᠮᠠᠭᠠᠯᠠᠬᠤ᠂ ᠡᠷᠡᠬᠦᠯ ᠮᠡᠨᠳᠦ᠂ ᠤᠯᠤᠰ ᠤᠨ ᠭᠠᠵᠠᠷ ᠰᠢᠷᠤᠢ ᠡᠬᠢ ᠪᠠᠶᠠᠯᠢᠭ᠂ ᠠᠶᠤᠯᠬᠦᠢ ᠶᠢᠨ ᠬᠢᠨᠠᠨ ᠬᠠᠮᠢᠶᠠᠷᠤᠯᠳᠠ ᠵᠡᠷᠬᠡ ᠠᠯᠪᠠᠨ ᠤ ᠬᠦᠮᠦᠰ ᠢ ᠵᠤᠬᠢᠶᠠᠨ ᠪᠠᠶᠢᠭᠤᠯᠵᠤ ᠠᠪᠤᠷᠠᠨ ᠳᠤᠰᠠᠯᠠᠬᠤ ᠠᠵᠢᠯ ᠳᠤ ᠤᠷᠤᠯᠴᠠᠭᠤᠯᠤᠭᠰᠠᠨ ᠪᠠᠶᠢᠨ᠎ᠠ᠃

    ᠤᠳᠤ ᠪᠡᠷ ᠠᠪᠤᠷᠠᠨ ᠳᠤᠰᠠᠯᠠᠬᠤ ᠠᠵᠢᠯ ᠢᠳᠡᠪᠬᠢᠳᠡᠢ ᠦᠷᠬᠦᠯᠵᠢᠯᠡᠭᠰᠡᠬᠡᠷ ᠪᠤᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120701121562057