蒙古文网站Logo
ᠰᠢᠨᠬᠤᠸᠠ ᠮᠤᠩᠭ᠋ᠤᠯ ᠨᠧᠲ

ᠠᠩᠬᠠᠳᠤᠭᠠᠷ ᠬᠤᠭᠤᠴᠠᠭᠠᠨ ᠤ ᠤᠯᠠᠭᠠᠨᠴᠠᠪ ᠤᠨ ᠠᠮᠳᠠᠳᠤ ᠢᠳᠡᠬᠡᠨ ᠤ ᠰᠤᠶᠤᠯ ᠤᠨ ᠨᠠᠶᠢᠷ 9 ᠰᠠᠷ᠎ᠠ ᠶᠢᠨ 15 ᠳᠤ ᠨᠡᠬᠡᠬᠡᠯᠳᠡ ᠪᠡᠨ ᠬᠢᠨ᠎ᠡ

2017-08-30 15:39

    ᠰᠢᠨᠬᠤᠧᠠ ᠨᠧᠲ   ᠬᠦᠬᠡᠬᠤᠳᠠ ᠶᠢᠨ 8 ᠰᠠᠷ᠎ᠠ ᠶᠢᠨ 30 ᠤ ᠡᠳᠦᠷ ᠤᠨ ᠴᠠᠬᠢᠯᠭᠠᠨ ᠮᠡᠳᠡᠬᠡ   ᠵᠢᠷᠭᠤᠳᠤᠭᠠᠷ ᠬᠤᠭᠤᠴᠠᠭᠠᠨ ᠤ ᠳᠤᠮᠳᠠᠳᠤ ᠤᠷᠤᠰ ᠮᠤᠩᠭᠤᠯ ᠤᠨ ᠠᠮᠳᠠᠳᠤ ᠢᠳᠡᠬᠡᠨ ᠤ ᠰᠤᠶᠤᠯ ᠤᠨ ᠨᠠᠶᠢᠷ ᠵᠢᠴᠢ ᠠᠩᠬᠠᠳᠤᠭᠠᠷ ᠬᠤᠭᠤᠴᠠᠭᠠᠨ ᠤ ᠤᠯᠠᠭᠠᠨᠴᠠᠪ ᠤᠨ ᠠᠮᠳᠠᠳᠤ ᠢᠳᠡᠬᠡᠨ ᠤ ᠰᠤᠶᠤᠯ ᠤᠨ ᠨᠠᠶᠢᠷ 9 ᠰᠠᠷ᠎ᠠ ᠶᠢᠨ 15 ᠤ ᠡᠳᠦᠷ ᠤᠯᠠᠭᠠᠨᠴᠠᠪ ᠬᠤᠳᠠ ᠳᠤ ᠨᠡᠬᠡᠬᠡᠯᠳᠡ ᠪᠡᠨ ᠬᠢᠬᠦ ᠪᠡᠷ ᠪᠤᠢ᠃

ᠠᠩᠬᠠᠳᠤᠭᠠᠷ ᠬᠤᠭᠤᠴᠠᠭᠠᠨ ᠤ ᠤᠯᠠᠭᠠᠨᠴᠠᠪ ᠤᠨ ᠠᠮᠳᠠᠳᠤ ᠢᠳᠡᠬᠡᠨ ᠤ ᠰᠤᠶᠤᠯ ᠤᠨ ᠨᠠᠶᠢᠷ ᠤᠨ ᠬᠡᠪᠯᠡᠯ ᠮᠡᠳᠡᠬᠡᠯᠡᠯ ᠤᠨ ᠬᠤᠷᠠᠯ

    ᠡᠨᠡᠬᠦ ᠨᠠᠶᠢᠷ ᠨᠢ ᠤᠯᠠᠭᠠᠨᠴᠠᠪ ᠬᠤᠳᠠ ᠶᠢᠨ ᠬᠦᠳᠡᠬᠡ ᠠᠵᠤ ᠠᠬᠤᠢ ᠶᠢᠨ ᠪᠤᠬᠢᠷᠳᠤᠯ ᠦᠬᠡᠢ ᠪᠦᠳᠦᠬᠡᠭᠳᠡᠬᠦᠨ᠂ ᠬᠦᠨᠡᠰᠦᠨ ᠤ ᠪᠦᠳᠦᠬᠡᠭᠳᠡᠬᠦᠨ ᠡᠳ᠋ᠰᠢᠬᠦᠯᠬᠦ ᠤᠷ᠎ᠠ ᠮᠡᠷᠬᠡᠵᠢᠯ ᠢ ᠳᠡᠯᠬᠡᠬᠦ᠂ ᠤᠯᠠᠭᠠᠨᠴᠠᠪ ᠬᠤᠳᠠ ᠶᠢᠨ ᠪᠷᠧᠨ᠋ᠳ᠋ ᠤᠨ ᠳᠠᠪᠠᠭᠤᠯᠢᠭ ᠪᠤᠯᠤᠨ ᠰᠤᠶᠤᠯ ᠤᠨ ᠳᠠᠪᠠᠭᠤᠯᠢᠭ ᠢ ᠪᠠᠳᠠᠷᠠᠭᠤᠯᠵᠤ ᠤᠨᠴᠠᠯᠢᠭᠳᠤ ᠢᠳᠡᠬᠡᠨ ᠤ ᠮᠠᠲ᠋ᠧᠷᠢᠶᠠᠯ ᠢ ᠦᠬᠡᠷᠡᠴᠢᠯᠡᠨ ᠤᠨᠢᠨ ᠳᠡᠬᠡᠷ᠎ᠡ ᠨᠢ ᠶᠠᠳᠠᠭᠤ ᠶᠢ ᠳᠡᠳᠬᠦᠬᠦ ᠪᠠ ᠡᠳ᠋ ᠤᠨ ᠵᠠᠰᠠᠭ ᠤᠨ ᠬᠦᠭᠵᠢᠯᠳᠡ ᠳᠤ ᠳᠤᠰᠠᠯᠠᠬᠤ᠂ ᠨᠢᠬᠡ ᠪᠦᠯᠦᠭ ᠨᠡᠷᠡᠳᠦ ᠬᠦᠨᠡᠰᠦ᠂ ᠨᠡᠷᠡᠳᠦ ᠳᠤᠭᠤᠭᠠᠴᠢ᠂ ᠨᠡᠷᠡᠳᠦ ᠬᠤᠭᠤᠯᠠᠨ ᠤ ᠭᠠᠵᠠᠷ᠂ ᠨᠡᠷᠡᠳᠦ ᠠᠵᠤ ᠠᠬᠤᠶᠢᠯᠠᠯ ᠵᠢᠴᠢ ᠰᠢᠯᠢᠳᠡᠭ ᠬᠤᠭᠤᠯᠨ ᠤᠮᠳᠠ ᠶᠢᠨ ᠠᠵᠤ ᠠᠬᠤᠶᠢᠯᠠᠯᠳᠠᠨ ᠤ ᠡᠩᠨᠡᠬᠡ ᠶᠢ ᠪᠤᠢ ᠪᠤᠯᠭᠠᠬᠤ ᠵᠤᠷᠢᠯᠭ᠎ᠠ ᠲᠠᠢ ᠵᠤᠬᠢᠶᠠᠨ ᠪᠠᠶᠢᠭᠤᠯᠤᠭᠳᠠᠨ᠎ᠠ᠃

    ᠨᠠᠶᠢᠷ ᠤᠨ ᠬᠤᠭᠤᠴᠠᠭᠠᠨ ᠳᠤ ᠪᠤᠬᠢᠷᠳᠤᠯ ᠦᠬᠡᠢ ᠬᠦᠨᠡᠰᠦᠨ ᠤ ᠮᠠᠲ᠋ᠧᠷᠢᠶᠠᠯ ᠤᠨ ᠶᠠᠭᠠᠷᠠᠮᠠᠭ᠂ ᠬᠤᠭᠤᠯᠠ ᠤᠮᠳᠠ ᠶᠢᠨ ᠠᠵᠤ ᠠᠬᠤᠶᠢᠯᠠᠯ ᠤᠨ ᠰᠤᠷᠳᠠᠯᠴᠢᠯᠠᠭ᠎ᠠ᠂ ᠬᠤᠳᠠᠯᠳᠤᠭᠠᠴᠢᠨ ᠤᠷᠢᠬᠤ ᠬᠡᠯᠡᠯᠴᠡᠬᠡᠷ ᠤᠨ ᠬᠤᠷᠠᠯ᠂ 2017 ᠤᠨ ᠤ ᠳᠤᠮᠳᠠᠳᠤ ᠤᠯᠤᠰ ᠤᠨ ᠤᠯᠠᠭᠠᠨᠴᠠᠪ ᠤᠨ ᠮᠤᠩᠭᠤᠯ ᠬᠤᠭᠤᠯᠠᠨ ᠤ ᠰᠤᠶᠤᠯ ᠤᠨ ᠳᠡᠬᠡᠳᠦ ᠳᠦᠪᠰᠢᠨ ᠤ ᠹᠤᠷᠦ᠋ᠮ᠂ ᠳᠤᠯᠤᠳᠤᠭᠠᠷ ᠬᠤᠭᠤᠴᠠᠭᠠᠨ ᠤ ᠠᠮᠳᠠᠳᠤ ᠢᠳᠡᠬᠡᠨ ᠤ ᠬᠡᠷᠡᠯ ᠵᠢᠷᠤᠭ ᠤᠨ ᠦᠵᠡᠰᠬᠦᠯᠡᠩ᠂ ᠮᠤᠩᠭᠤᠯ ᠬᠤᠭᠤᠯᠠᠨ ᠤ ᠳᠠᠶᠢᠯᠠᠯᠭ᠎ᠠ ᠶᠢᠨ ᠦᠵᠡᠬᠦᠯᠦᠯᠬᠡ᠂ ᠵᠠᠭᠤᠨ ᠬᠦᠮᠦᠨ ᠵᠠᠭᠤᠨ ᠬᠠᠭᠤᠷᠤᠯᠭ᠎ᠠ ᠶᠢᠨ ᠤᠷᠤᠯᠳᠤᠭᠠᠨ᠂ ᠳᠤᠮᠳᠠᠳᠤ ᠭᠠᠳᠠᠭᠠᠳᠤ ᠶᠢᠨ ᠳᠤᠭᠤᠭᠠᠴᠢ ᠨᠠᠷ ᠤᠨ ᠤᠷ᠎ᠠ ᠮᠡᠷᠬᠡᠵᠢᠯ ᠤᠨ ᠦᠵᠡᠬᠦᠯᠦᠯᠬᠡ ᠶᠢᠨ ᠳᠤᠭᠯᠠᠯᠳᠠ᠂ ᠳᠦᠮᠡᠨ ᠬᠦᠮᠦᠨ ᠳᠤ ᠴᠠᠬᠠᠷ ᠴᠠᠢ ᠠᠮᠰᠠᠭᠤᠯᠬᠤ ᠵᠡᠷᠬᠡ ᠠᠵᠢᠯᠯᠠᠭ᠎ᠠ ᠵᠤᠬᠢᠶᠠᠨ ᠪᠠᠶᠢᠭᠤᠯᠤᠭᠳᠠᠨ᠎ᠠ᠃

    ᠤᠶᠢᠯᠠᠭᠠᠭᠰᠠᠨ ᠢᠶᠡᠷ᠂ ᠤᠯᠠᠭᠠᠨᠴᠠᠪ ᠬᠤᠳᠠ ᠶᠢᠨ ᠠᠮᠳᠠᠳᠤ ᠢᠳᠡᠬᠡᠨ ᠤ ᠴᠤᠪᠤᠷᠠᠯ ᠠᠷᠭ᠎ᠠ ᠬᠡᠮᠵᠢᠶ᠎ᠡ ᠪᠤᠯᠤᠭᠰᠠᠨ ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠹᠧᠩ ᠵᠧᠨ ᠤ ᠶᠧᠪᠠᠩ ᠤᠨ ᠠᠮᠳᠠᠳᠤ ᠢᠳᠡᠬᠡᠨ ᠤ ᠨᠠᠶᠢᠷ᠂ ᠠᠩᠬᠠᠳᠤᠭᠠᠷ ᠬᠤᠭᠤᠴᠠᠭᠠᠨ ᠤ ᠵᠦᠧᠧ ᠼᠢ ᠱᠠᠨ ᠤ ᠤᠳᠤᠭᠰᠠᠨ ᠳᠠᠬᠢᠶᠠᠨ ᠤ ᠠᠮᠳᠠᠳᠤ ᠢᠳᠡᠬᠡᠨ ᠤ ᠨᠠᠶᠢᠷ᠂ ᠯᠢᠶᠠᠩ ᠴᠧᠩ ᠤᠨ ᠨᠤᠬᠠᠢ ᠶᠢᠨ ᠬᠤᠰᠢᠭᠤ ᠶᠢᠨ ᠠᠮᠳᠠᠳᠤ ᠢᠳᠡᠬᠡᠨ ᠤ ᠨᠠᠶᠢᠷ᠂ ᠱᠠᠩᠳ᠋ᠦ᠋ ᠶᠢᠨ ᠳᠦᠮᠦᠰᠦᠨ ᠤ ᠠᠮᠳᠠᠳᠤ ᠢᠳᠡᠬᠡᠨ ᠤ ᠨᠠᠶᠢᠷ᠂ ᠳᠦᠷᠪᠡᠳ ᠤᠨ ᠨᠠᠭᠠᠳᠤᠮ ᠤᠨ ᠶᠡᠬᠡ ᠬᠤᠷᠠᠯ ᠤᠨ ᠠᠮᠳᠠᠳᠤ ᠢᠳᠡᠬᠡᠨ ᠤ ᠨᠠᠶᠢᠷ ᠵᠡᠷᠬᠡ ᠨᠢ 8 ᠰᠠᠷ᠎ᠠ ᠡᠴᠡ ᠡᠬᠢᠯᠡᠨ ᠨᠢᠬᠡᠨᠳᠡ ᠵᠤᠬᠢᠶᠠᠨ ᠪᠠᠶᠢᠭᠤᠯᠤᠭᠳᠠᠵᠤ ᠦᠩᠬᠡᠷᠡᠭᠰᠡᠨ ᠪᠠᠶᠢᠨ᠎ᠠ᠃

ᠢᠷᠡᠯᠳᠡ᠄ ᠰᠢᠨᠬᠤᠧᠠ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120701121571384