蒙古文网站Logo
ᠰᠢᠨᠬᠤᠸᠠ ᠮᠤᠩᠭ᠋ᠤᠯ ᠨᠧᠲ

ᠳᠠᠯᠠᠢ ᠶᠢᠨ ᠰᠢᠭᠤᠷᠭ᠎ᠠ 《ᠮᠠ ᠸᠠ》 ᠭᠤᠧᠠᠩᠳᠦ᠋ᠩ ᠤᠨ ᠯᠦ ᠹᠧᠩ ᠳᠤ ᠭᠠᠵᠠᠷᠳᠠᠵᠠᠢ

2017-09-04 16:12

    ᠰᠢᠨᠬᠤᠧᠠ ᠬᠤᠷᠢᠶ᠎ᠠ   ᠭᠤᠧᠠᠩᠵᠧᠤ ᠶᠢᠨ 9 ᠰᠠᠷ᠎ᠠ ᠶᠢᠨ 3 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠶᠠᠨ ᠢ ᠵᠢᠶᠠ᠂ ᠲᠢᠶᠠᠨ ᠵᠢᠶᠠᠨ ᠴᠤᠧᠠᠨ᠂ ᠡᠦ ᠲᠤᠤ) ᠰᠤᠷᠪᠤᠯᠵᠢᠯᠠᠭᠴᠢ 3 ᠤ ᠡᠳᠦᠷ ᠭᠤᠧᠠᠩᠳᠦ᠋ᠩ ᠮᠤᠵᠢ ᠶᠢᠨ ᠴᠠᠭ ᠠᠭᠤᠷ ᠤᠨ ᠳᠤᠪᠴᠢᠶ᠎ᠠ ᠡᠴᠡ ᠤᠶᠢᠯᠠᠭᠠᠭᠰᠠᠨ ᠢᠶᠡᠷ᠂ ᠡᠨᠡ ᠵᠢᠯ ᠤᠨ 16 ᠳ᠋ᠡᠬᠢ ᠳᠠᠯᠠᠢ ᠶᠢᠨ ᠰᠢᠭᠤᠷᠭ᠎ᠠ 《ᠮᠠ ᠸᠠ》ᠳᠤᠰ ᠡᠳᠦᠷ ᠤᠨ 21᠄30 ᠴᠠᠭ ᠤᠨ ᠦᠶ᠎ᠡ ᠪᠡᠷ ᠭᠤᠧᠠᠩᠳᠦ᠋ᠩ ᠮᠤᠵᠢ ᠶᠢᠨ ᠯᠦ ᠹᠧᠩ ᠬᠤᠳᠠ ᠶᠢᠨ ᠵᠢᠶᠠ ᠰᠢ ᠪᠠᠯᠭᠠᠰᠤᠨ ᠤ ᠳᠠᠯᠠᠢ ᠳᠠᠭᠠᠤ ᠪᠦᠰᠡ ᠪᠡᠷ ᠭᠠᠵᠠᠷᠳᠠᠭᠰᠠᠨ ᠪᠠᠶᠢᠨ᠎ᠠ᠃ ᠭᠠᠵᠠᠷᠳᠠᠬᠤ ᠦᠶ᠎ᠡ ᠪᠡᠷ ᠰᠠᠯᠬᠢᠨ ᠤ ᠬᠠᠮᠤᠭ ᠤᠨ ᠶᠡᠬᠡ ᠬᠡᠮᠵᠢᠶ᠎ᠡ 8 ᠳᠡᠰ (ᠬᠠᠯᠠᠭᠤᠨ ᠪᠦᠰᠡᠨ ᠤ ᠳᠤᠭᠰᠢᠨ ᠰᠢᠭᠤᠷᠭ᠎ᠠ᠂ ᠰᠧᠺᠦ᠋ᠨ᠋ᠲ ᠪᠦᠷᠢ 20 ᠮᠧᠲ᠋ᠷ) ᠬᠦᠷᠴᠤ 《ᠲᠢᠶᠠᠨ ᠭᠧ》᠂ 《ᠫᠠ ᠺᠠ》 ᠶᠢᠨ ᠳᠠᠷᠠᠭ᠎ᠠ ᠤᠶᠢᠷ᠎ᠠ ᠶᠢᠨ ᠬᠠᠭᠠᠰ ᠰᠠᠷ᠎ᠠ ᠶᠢᠨ ᠳᠤᠳᠤᠷ᠎ᠠ ᠭᠤᠷᠪᠠᠳᠡᠬᠢ ᠤᠳᠠᠭ᠎ᠠ ᠡᠬᠡ ᠬᠠᠭᠤᠷᠠᠢ ᠳᠤ ᠭᠠᠵᠠᠷᠳᠠᠭᠰᠠᠨ ᠳᠠᠯᠠᠢ ᠶᠢᠨ ᠰᠢᠭᠤᠷᠭ᠎ᠠ ᠪᠤᠯᠤᠨ᠎ᠠ᠃

    ᠤᠶᠢᠯᠠᠭᠠᠭᠰᠠᠨ ᠢᠶᠡᠷ᠂ 3 ᠤ ᠦᠳᠡ ᠶᠢᠨ ᠬᠤᠶᠢᠨ᠎ᠠ ᠳᠤᠬᠠᠢ ᠶᠢᠨ ᠭᠠᠵᠠᠷ ᠤᠨ 2203 ᠵᠢᠭᠠᠰᠤᠴᠢᠨ ᠤ ᠤᠩᠭᠤᠴᠠ ᠭᠠᠷᠠᠮ ᠳᠤ ᠪᠤᠴᠠᠵᠤ᠂ ᠤᠩᠭᠤᠴᠠᠨ ᠳᠡᠬᠡᠷᠡᠬᠢ 9510 ᠬᠦᠮᠦᠨ᠂ 40 ᠵᠢᠭᠠᠰᠤᠴᠢᠨ᠂ ᠳᠠᠪᠤᠨ ᠪᠠᠳᠤᠯᠠᠭᠠᠳᠤ ᠡᠷᠦᠬᠡ ᠶᠢᠨ 2402 ᠬᠦᠮᠦᠨ᠂ ᠤᠰᠤᠳᠠᠬᠤ ᠠᠶᠤᠯᠳᠠᠢ ᠪᠦᠰᠡ ᠶᠢᠨ 3084 ᠬᠦᠮᠦᠨ᠂ ᠳᠤᠭᠰᠢᠨ ᠳᠠᠪᠠᠯᠭᠠᠨ ᠳᠤ ᠭᠠᠮᠰᠢᠭᠳᠠᠵᠤ ᠮᠡᠳᠡᠬᠦ ᠪᠦᠰᠡ ᠶᠢᠨ 207 ᠬᠦᠮᠦᠨ᠂ ᠭᠠᠵᠠᠷ ᠵᠦᠢ ᠶᠢᠨ ᠦᠨᠳᠦᠷ ᠠᠶᠤᠯᠳᠠᠢ ᠪᠦᠰᠡ ᠶᠢᠨ 250 ᠬᠦᠮᠦᠨ᠂ ᠪᠠᠷᠢᠯᠭ᠎ᠠ ᠶᠢᠨ ᠭᠠᠵᠠᠷ ᠳᠦᠷ ᠰᠠᠭᠤᠷᠢᠰᠢᠭ᠎ᠠ 1007 ᠬᠦᠮᠦᠨ ᠢ ᠴᠦᠮ ᠠᠶᠤᠯᠬᠦᠢ ᠪᠦᠰᠡ ᠳᠤ ᠨᠡᠬᠦᠯᠬᠡᠭᠰᠡᠨ ᠪᠠᠶᠢᠨ᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120701121602529