蒙古文网站Logo
ᠰᠢᠨᠬᠤᠸᠠ ᠮᠤᠩᠭ᠋ᠤᠯ ᠨᠧᠲ

《ᠴᠦᠯᠵᠢᠯᠳᠡ ᠶᠢ ᠰᠡᠷᠬᠡᠶᠢᠯᠡᠨ ᠵᠠᠰᠠᠬᠤ ᠨᠢᠬᠡᠳᠦᠭᠰᠡᠨ ᠦᠨᠳᠦᠰᠦᠨ ᠤ ᠪᠠᠶᠢᠭᠤᠯᠤᠯᠭ᠎ᠠ ᠶᠢᠨ ᠨᠡᠶᠢᠳᠡ ᠶᠢᠨ ᠬᠡᠷ᠎ᠠ》 ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠬᠡᠷ᠎ᠡ ᠪᠠᠶᠢᠭᠤᠯᠤᠭᠴᠢ ᠳᠠᠯ᠎ᠠ ᠶᠢᠨ ᠶᠡᠬᠡ ᠬᠤᠷᠠᠯ ᠤᠷᠳᠤᠰ ᠬᠤᠳᠠ ᠳᠤ ᠡᠬᠢᠯᠡᠪᠡ

2017-09-07 10:28

    ᠰᠢᠨᠬᠤᠧᠠ ᠬᠤᠷᠢᠶ᠎ᠠ   ᠬᠦᠬᠡᠬᠤᠳᠠ ᠶᠢᠨ 9 ᠰᠠᠷ᠎ᠠ ᠶᠢᠨ 6 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠴᠧᠨ ᠯᠧᠢ᠂ ᠤᠷᠢᠬᠠᠨ) 6 ᠤ ᠡᠳᠦᠷ᠂ 《ᠴᠦᠯᠵᠢᠯᠳᠡ ᠶᠢ ᠰᠡᠷᠬᠡᠶᠢᠯᠡᠨ ᠵᠠᠰᠠᠬᠤ ᠨᠢᠬᠡᠳᠦᠭᠰᠡᠨ ᠦᠨᠳᠦᠰᠦᠨ ᠤ ᠪᠠᠶᠢᠭᠤᠯᠤᠯᠭ᠎ᠠ ᠶᠢᠨ ᠨᠡᠶᠢᠳᠡ ᠶᠢᠨ ᠬᠡᠷ᠎ᠠ》 ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠬᠡᠷ᠎ᠡ ᠪᠠᠶᠢᠭᠤᠯᠤᠭᠴᠢ ᠳᠠᠯ᠎ᠠ ᠶᠢᠨ ᠶᠡᠬᠡ ᠬᠤᠷᠠᠯ 6 ᠤ ᠡᠳᠦᠷ ᠦᠪᠦᠷ ᠮᠤᠩᠭᠤᠯ ᠤᠨ ᠤᠷᠳᠤᠰ ᠬᠤᠳᠠ ᠳᠤ ᠨᠡᠬᠡᠬᠡᠯᠳᠡ ᠪᠡᠨ ᠬᠢᠪᠡ᠃ 196 ᠬᠡᠷᠡᠳᠦ ᠲᠠᠯ᠎ᠠ ᠪᠠ 20 ᠭᠠᠷᠤᠢ ᠤᠯᠠᠨ ᠤᠯᠤᠰ ᠤᠨ ᠵᠤᠬᠢᠶᠠᠨ ᠪᠠᠶᠢᠭᠤᠯᠤᠯᠳᠠ ᠠᠴᠠ ᠬᠦᠷᠦᠯᠴᠡᠨ ᠢᠷᠡᠭᠰᠡᠨ 2000 ᠭᠠᠷᠤᠢ ᠬᠦᠮᠦᠨ ᠬᠤᠷᠠᠯ ᠳᠤ ᠤᠷᠤᠯᠴᠠᠵᠠᠢ᠃

    ᠶᠡᠭᠡ ᠬᠤᠷᠠᠯ ᠠᠴᠠ ᠲᠤᠮᠳᠠᠳᠤ ᠤᠯᠤᠰ ᠤᠨ ᠤᠯᠤᠰ ᠤᠨ ᠤᠢ ᠰᠢᠭᠤᠢ ᠶᠢᠨ ᠲᠤᠪᠴᠢᠶ᠎ᠠ ᠶᠢᠨ ᠲᠠᠷᠤᠭ᠎ᠠ ᠵᠠᠩ ᠵᠢᠶᠠᠨ ᠯᠦᠩ ᠢ 《ᠴᠦᠯᠵᠢᠯᠳᠡ ᠶᠢ ᠰᠡᠷᠬᠡᠶᠢᠯᠡᠨ ᠵᠠᠰᠠᠬᠤ ᠨᠢᠬᠡᠳᠦᠭᠰᠡᠨ ᠦᠨᠳᠦᠰᠦᠨ ᠤ ᠪᠠᠶᠢᠭᠤᠯᠤᠯᠭ᠎ᠠ ᠶᠢᠨ ᠨᠡᠶᠢᠳᠡ ᠶᠢᠨ ᠬᠡᠷ᠎ᠠ》 ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠬᠡᠷ᠎ᠡ ᠪᠠᠶᠢᠭᠤᠯᠤᠭᠴᠢ ᠳᠠᠯ᠎ᠠ ᠶᠢᠨ ᠲᠡᠷᠢᠭᠦᠯᠡᠭᠴᠢ ᠪᠠᠷ ᠰᠤᠩᠭᠤᠪᠠ᠃

    ᠵᠠᠩ ᠵᠢᠶᠠᠨ ᠯᠦᠩ᠂ ᠲᠤᠮᠳᠠᠳᠤ ᠤᠯᠤᠰ ᠪᠤᠯ ᠲᠡᠯᠡᠬᠡᠢ ᠲᠡᠭᠡᠷᠡᠬᠢ ᠴᠦᠯᠵᠢᠭᠰᠡᠨ ᠲᠠᠯᠠᠪᠠᠢ ᠪᠠᠷ ᠬᠠᠮᠤᠭ ᠤᠨ ᠶᠡᠭᠡ᠂ ᠨᠦᠯᠦᠭᠡᠯᠡᠭᠳᠡᠭᠰᠡᠨ ᠬᠦᠮᠦᠨ ᠠᠮᠠ ᠬᠠᠮᠤᠭ ᠤᠨ ᠤᠯᠠᠨ ᠤᠯᠤᠰ ᠤᠨ ᠨᠢᠭᠡ ᠪᠣᠯᠣᠨ᠎ᠠ᠂ ᠬᠠᠭᠠᠰ ᠭᠠᠷᠤᠢ ᠵᠠᠭᠤᠨ ᠤ ᠲᠠᠰᠤᠷᠠᠯᠳᠠ ᠦᠭᠡᠢ ᠰᠦᠪᠡᠭᠴᠢᠯᠡᠯ ᠪᠤᠯᠤᠨ ᠴᠦᠭᠦᠷᠡᠯ ᠦᠭᠡᠢ ᠴᠢᠷᠮᠠᠶᠢᠯᠭ᠎ᠠ ᠪᠠᠷ ᠳᠠᠮᠵᠢᠭᠠᠳ᠂ ᠲᠤᠮᠳᠠᠳᠤ ᠤᠯᠤᠰ ᠨᠢᠭᠡᠨᠳᠡ ᠠᠮᠢ ᠠᠬᠤᠢ ᠬᠢᠭᠡᠳ ᠡᠳ᠋ ᠤᠨ ᠵᠠᠰᠠᠭ ᠢ ᠵᠡᠷᠭᠡᠪᠡᠷ ᠬᠦᠨᠳᠦᠳᠭᠡᠵᠤ᠂ ᠡᠯᠡᠰᠦᠵᠢᠯᠳᠡ ᠶᠢ ᠵᠠᠰᠠᠬᠤ ᠬᠢᠭᠡᠳ ᠶᠠᠳᠠᠭᠤ ᠶᠢ ᠵᠠᠰᠠᠬᠤ ᠳᠤ ᠬᠠᠮᠳᠤᠪᠡᠷ ᠠᠰᠢᠭ ᠬᠦᠷᠳᠡᠭᠦ ᠴᠦᠯᠵᠢᠯᠳᠡ ᠶᠢ ᠰᠡᠷᠬᠡᠶᠢᠯᠡᠨ ᠵᠠᠰᠠᠬᠤ ᠵᠠᠮ ᠢᠶᠠᠷ ᠵᠠᠮᠨᠠᠵᠤ᠂ ᠤᠯᠤᠰ ᠲᠠᠶᠠᠭᠠᠷ ᠤᠨ ᠴᠦᠯᠵᠢᠭᠰᠡᠨ ᠨᠣᠳᠤᠭ ᠳᠡᠪᠢᠰᠭᠡᠷ ᠤᠨ ᠲᠠᠯᠠᠪᠠᠢ 2004 ᠤᠨ ᠠᠴᠠ ᠨᠠᠰᠢ ᠭᠤᠷᠪᠠᠨ ᠣᠳᠠᠭ᠎ᠠ ᠶᠢᠨ ᠬᠢᠨᠠᠨ ᠬᠡᠮᠵᠢᠬᠦ ᠬᠤᠭᠤᠴᠠᠭᠠᠨ ᠳᠤ ᠦᠷᠭᠦᠯᠵᠢᠯᠡᠨ ᠴᠡᠪᠡᠷ ᠢᠶᠠᠷ ᠪᠠᠭᠤᠷᠠᠵᠦ᠂ ᠴᠦᠯᠵᠢᠯᠳᠡ ᠦᠷᠭᠡᠳᠭᠦ ᠬᠠᠨᠳᠤᠰᠢ ᠶᠢ ᠠᠩᠬ᠎ᠠ ᠠᠯᠬᠤᠮ ᠬᠤᠷᠢᠬᠯᠠᠭᠰᠠᠨ ᠪᠠᠶᠢᠨ᠎ᠠ᠃ 2012 ᠤᠨ ᠳᠤ᠂ ᠲᠤᠮᠳᠠᠳᠤ ᠤᠯᠤᠰ ᠤᠨ ᠵᠠᠰᠠᠭ ᠤᠨ ᠭᠠᠵᠠᠷ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ《ᠲᠠᠪᠤ ᠶᠢ ᠨᠢᠭᠡ ᠴᠤᠬᠴᠠᠵᠢᠭᠤᠯᠬᠤ》 ᠶᠡᠷᠦᠩᠬᠡᠢ ᠪᠠᠶᠢᠷᠢᠰᠢᠭᠤᠯᠤᠯᠳᠠ ᠳᠤ ᠤᠷᠤᠭᠤᠯᠬᠤ ᠶᠢᠨ ᠬᠠᠮᠳᠤ᠂ 2020 ᠤᠨ ᠪᠤᠯᠳᠠᠯ᠎ᠠ 50% ᠤᠨ ᠵᠠᠰᠠᠵᠤ ᠪᠤᠯᠬᠤ ᠡᠯᠡᠰᠦᠷᠬᠡᠭᠵᠢᠭᠰᠡᠨ ᠭᠠᠵᠠᠷ ᠢ ᠵᠠᠰᠠᠬᠤ ᠬᠠᠷᠠᠯᠳᠠ ᠲᠤᠬᠳᠠᠭᠠᠪᠠ᠃ ᠡᠨᠡ ᠣᠳᠠᠭ᠎ᠠ ᠶᠢᠨ ᠶᠡᠭᠡ ᠬᠤᠷᠠᠯ ᠳᠡᠭᠡᠷ᠎ᠡ᠂ ᠡᠯ᠎ᠠ ᠬᠡᠷᠡᠳᠦ ᠲᠠᠯ᠎ᠠ ᠪᠤᠯᠤᠠ ᠤᠯᠠᠨ ᠤᠯᠤᠰ ᠤᠨ ᠵᠤᠬᠢᠶᠠᠨ ᠪᠠᠶᠢᠭᠤᠯᠤᠯᠳᠠ ᠶᠢᠨ ᠲᠦᠯᠦᠭᠡᠯᠡᠭᠴᠢᠳ ᠤᠷᠳᠤᠰ ᠲᠤ ᠴᠤᠬᠯᠠᠷᠠᠵᠣ᠂ ᠴᠦᠯᠵᠢᠯᠳᠡ ᠶᠢ ᠰᠡᠷᠬᠡᠶᠢᠯᠡᠨ ᠵᠠᠰᠠᠬᠤ ᠳᠤ ᠬᠠᠮᠳᠤᠪᠡᠷ ᠤᠶᠤᠨ ᠤᠬᠠᠭᠠᠨ ᠢᠶᠠᠨ ᠡᠷᠭᠦᠵᠤ᠂ ᠲᠤᠷᠰᠢᠯᠭ᠎ᠠ ᠪᠠᠨ ᠬᠤᠪᠢᠶᠠᠯᠴᠠᠵᠣ᠂ ᠬᠦᠴᠦᠨ ᠴᠢᠳᠠᠯ ᠢ ᠨᠢᠬᠳᠠᠷᠠᠭᠤᠯᠬᠤ ᠪᠣᠯᠣᠨ᠎ᠠ᠂ ᠡᠨᠡ ᠨᠢ ᠡᠯ᠎ᠠ ᠲᠠᠯ᠎ᠠ ᠶᠢᠨ ᠬᠢᠨ《ᠨᠢᠬᠡᠳᠦᠭᠰᠡᠨ ᠦᠨᠳᠦᠰᠦᠨ ᠤ ᠪᠠᠶᠢᠭᠤᠯᠤᠯᠭ᠎ᠠ ᠶᠢᠨ 2030 ᠦᠷᠭᠦᠯᠵᠢᠯᠡᠭᠦ ᠬᠦᠭᠵᠢᠯᠳᠡ ᠶᠢᠨ ᠵᠦᠪᠯᠡᠬᠦ ᠵᠦᠢᠯ》ᠪᠠ《ᠫᠡᠷᠢᠰ ᠤᠨ ᠬᠡᠯᠡᠯᠴᠡᠭᠡᠷ》 ᠲᠠᠬᠢ ᠴᠦᠯᠵᠢᠯᠳᠡ ᠶᠢ ᠰᠡᠷᠬᠡᠶᠢᠯᠡᠨ ᠵᠠᠰᠠᠬᠤ ᠬᠠᠮᠢᠶ᠎ᠠ ᠪᠦᠬᠦᠢ ᠠᠵᠢᠯᠯᠠᠭᠠᠨ ᠤ ᠲᠦᠯᠦᠪᠯᠡᠭᠡ ᠶᠢ ᠲᠤᠬᠳᠠᠭᠠᠨ ᠬᠡᠷᠡᠭᠵᠢᠭᠦᠯᠭᠦ ᠶᠢ ᠠᠬᠢᠭᠤᠯᠵᠤ᠂ ᠲᠡᠯᠡᠬᠡᠢ ᠶᠢᠨ ᠦᠷᠭᠦᠯᠵᠢᠯᠡᠭᠦ ᠭᠠᠵᠠᠷ ᠰᠢᠷᠤᠢ ᠶᠢᠨ ᠬᠠᠮᠢᠶᠠᠷᠤᠯᠳᠠ ᠶᠢ ᠠᠬᠢᠭᠤᠯᠬᠤ ᠳᠤ ᠢᠳᠡᠪᠬᠢᠳᠡᠢ ᠨᠦᠯᠦᠭᠡ ᠦᠵᠡᠭᠦᠯᠭᠦ ᠨᠢ ᠵᠠᠶᠢᠯᠠᠰᠢ ᠦᠭᠡᠢ ᠬᠡᠵᠤ ᠵᠢᠭᠠᠵᠤ ᠭᠠᠷᠭᠠᠪᠠ᠃

    《ᠴᠦᠯᠵᠢᠯᠳᠡ ᠶᠢ ᠰᠡᠷᠬᠡᠶᠢᠯᠡᠨ ᠵᠠᠰᠠᠬᠤ ᠨᠢᠬᠡᠳᠦᠭᠰᠡᠨ ᠦᠨᠳᠦᠰᠦᠨ ᠤ ᠪᠠᠶᠢᠭᠤᠯᠤᠯᠭ᠎ᠠ ᠶᠢᠨ ᠨᠡᠶᠢᠳᠡ ᠶᠢᠨ ᠬᠡᠷ᠎ᠠ》 ᠶᠢᠨ ᠵᠤᠬᠢᠶᠠᠨ ᠪᠠᠶᠢᠭᠤᠯᠤᠯᠳᠠ ᠶᠢᠨ ᠨᠠᠷᠢᠨ ᠪᠢᠴᠢᠭ᠌ ᠤᠨ ᠳᠠᠷᠤᠭ᠎ᠠ ᠮᠦᠸᠧᠨᠢᠺᠠ • ᠪᠠᠪᠦ᠋᠂ ᠦᠩᠭᠡᠷᠡᠭᠰᠡᠨ ᠬᠡᠳᠦᠨ ᠵᠢᠯ ᠳᠤ᠂ ᠨᠢᠬᠡᠳᠦᠭᠰᠡᠨ ᠦᠨᠳᠦᠰᠦᠨ ᠤ ᠪᠠᠶᠢᠭᠤᠯᠤᠯᠭ᠎ᠠ ᠶᠢᠨ ᠴᠦᠯᠵᠢᠯᠳᠡ ᠶᠢ ᠰᠡᠷᠬᠡᠶᠢᠯᠡᠨ ᠵᠠᠰᠠᠬᠤ ᠨᠡᠶᠢᠳᠡ ᠶᠢᠨ ᠬᠡᠷ᠎ᠠ ᠶᠢᠨ ᠵᠤᠬᠢᠶᠠᠨ ᠪᠠᠶᠢᠭᠤᠯᠤᠯᠳᠠ ᠲᠠᠰᠤᠷᠠᠯᠳᠠ ᠦᠭᠡᠢ ᠬᠤᠪᠢᠷᠠᠯᠳᠠ ᠶᠢ ᠡᠷᠢᠯᠬᠢᠯᠡᠵᠤ᠂ ᠮᠠᠰᠢ ᠶᠡᠭᠡ ᠴᠢᠷᠮᠠᠶᠢᠯᠭ᠎ᠠ ᠭᠠᠷᠭᠠᠵᠤ᠂ ᠴᠢᠨᠠᠷ ᠤᠨ ᠦᠰᠦᠷᠦᠯᠳᠡ ᠶᠢ ᠪᠡᠶᠡᠯᠡᠭᠦᠯᠪᠡ᠃ ᠡᠨᠡ ᠣᠳᠠᠭ᠎ᠠ ᠶᠢᠨ ᠶᠡᠭᠡ ᠬᠤᠷᠠᠯ ᠳᠡᠭᠡᠷ᠎ᠡ᠂ ᠪᠢᠳᠡ ᠬᠢᠨᠠᠮᠭᠠᠢ ᠰᠦᠪᠡᠭᠴᠢᠯᠡᠨ ᠶᠠᠷᠢᠯᠴᠠᠬᠤ ᠪᠠᠷ ᠳᠠᠮᠵᠢᠨ᠂ 2018 - 2030 ᠤᠨ ᠤ ᠰᠢᠨ᠎ᠠ ᠪᠠᠶᠢᠯᠳᠤᠬᠤ ᠪᠤᠳᠤᠯᠭ᠎ᠠ ᠶᠢᠨ ᠪᠤᠷᠤ ᠲᠦᠯᠦᠪ ᠢ ᠪᠦᠷᠢᠯᠳᠦᠭᠦᠯᠵᠤ᠂ ᠢᠷᠡᠭᠡᠳᠦᠢ ᠶᠢᠨ ᠬᠡᠷ᠎ᠠ ᠪᠠᠨ ᠬᠦᠢᠴᠡᠳᠭᠡᠭᠦ ᠠᠵᠢᠯ ᠤᠨ ᠠᠬᠢᠴᠠ ᠪᠠᠨ ᠵᠢᠯᠤᠭᠤᠳᠤᠭᠤᠯᠬᠤ ᠪᠣᠯᠣᠨ᠎ᠠ ᠬᠡᠵᠡᠢ᠃

    ᠶᠡᠭᠡ ᠬᠤᠷᠠᠯ ᠤᠨ ᠬᠤᠭᠤᠴᠠᠭᠠᠨ ᠳᠤ᠂ ᠮᠠᠨ ᠤ ᠤᠯᠤᠰ ᠪᠠᠰᠠ ᠴᠦᠯᠵᠢᠯᠳᠡ ᠶᠢ ᠰᠡᠷᠬᠡᠶᠢᠯᠡᠨ ᠵᠠᠰᠠᠭᠰᠠᠨ ᠲᠤᠬᠠᠢ ᠶᠢᠨ ᠲᠠᠯᠠᠪᠠᠢ ᠪᠠᠷ ᠰᠢᠨᠵᠢᠯᠡᠨ ᠪᠠᠶᠢᠴᠠᠭᠠᠬᠤ᠂ ᠲᠤᠷᠠᠰᠬᠠᠯ ᠤᠨ ᠤᠢ ᠶᠢᠨ ᠮᠤᠳᠤ ᠲᠠᠷᠢᠬᠤ ᠠᠵᠢᠯᠯᠠᠭ᠎ᠠ ᠵᠤᠬᠢᠶᠠᠨ ᠪᠠᠶᠢᠭᠤᠯᠬᠤ᠂《ᠨᠢᠭᠡ ᠪᠦᠰᠡ ᠨᠢᠭᠡ ᠵᠠᠮ》 ᠤᠨ ᠴᠦᠯᠵᠢᠯᠳᠡ ᠶᠢ ᠰᠡᠷᠬᠡᠶᠢᠯᠡᠨ ᠵᠠᠰᠠᠬᠤ ᠬᠠᠮᠳᠤ ᠶᠢᠨ ᠠᠵᠢᠯᠯᠠᠭᠠᠨ ᠤ ᠳᠣᠭᠳᠠᠴᠠ ᠶᠢ ᠡᠬᠢᠯᠡᠭᠦᠯᠭᠦ ᠶᠤᠰᠤᠯᠠᠯ᠂ ᠦᠵᠡᠰᠭᠦᠯᠡᠩ ᠤᠨ ᠬᠤᠷᠠᠯ᠂ ᠣᠯᠠᠨ ᠳᠠᠯ᠎ᠠ ᠶᠢᠨ ᠬᠤᠷᠠᠯ᠂ ᠵᠠᠯᠠᠭᠤᠴᠤᠳ ᠤᠨ ᠹᠤᠷᠦ᠋ᠮ ᠵᠡᠷᠭᠡ ᠡᠷᠬᠢᠯᠡᠭᠴᠢ ᠤᠯᠤᠰ ᠤᠨ ᠠᠵᠢᠯᠯᠠᠭ᠎ᠠ ᠶᠢ ᠲᠤᠬᠢᠷᠠᠭᠤᠯᠵᠠᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120701121621725