蒙古文网站Logo
ᠰᠢᠨᠬᠤᠸᠠ ᠮᠤᠩᠭ᠋ᠤᠯ ᠨᠧᠲ

ᠰᠢᠷ᠎ᠠ ᠡᠯᠡᠰᠦ ᠶᠢ ᠨᠤᠭᠤᠭᠠᠨ ᠢᠶᠡᠷ ᠪᠤᠳᠤᠭᠯᠠᠪᠠ - ᠦᠪᠦᠷ ᠮᠤᠩᠭᠤᠯ ᠤᠨ ᠠᠮᠢ ᠠᠬᠤᠢ ᠶᠢᠨ ᠪᠦᠳᠦᠬᠡᠨ ᠪᠠᠶᠢᠭᠤᠯᠤᠯᠳᠠ ᠦᠷᠬᠦᠯᠵᠢᠯᠡᠨ《ᠬᠤᠤᠰ ᠦᠰᠦᠯᠳᠡ》《ᠬᠤᠤᠰ ᠪᠠᠭᠤᠷᠠᠯᠳᠠ》 ᠶᠢ ᠪᠡᠶᠡᠯᠡᠬᠦᠯᠪᠡ

2017-09-07 11:00

    ᠰᠢᠨᠬᠤᠧᠠ ᠬᠤᠷᠢᠶ᠎ᠠ   ᠬᠦᠬᠡᠬᠤᠳᠠ ᠶᠢᠨ 9 ᠰᠠᠷ᠎ᠠ ᠶᠢᠨ 5 ᠤ ᠡᠳᠦᠷ ᠤᠨ ᠴᠠᠬᠢᠯᠭᠠᠨ ᠮᠡᠳᠡᠬᠡ (ᠰᠤᠷᠪᠤᠯᠵᠢᠯᠠᠭᠴᠢ ᠫᠧᠩ ᠶᠤᠧᠠᠨ᠂ ᠯᠢ ᠶᠦᠨ ᠫᠢᠩ) ᠦᠪᠦᠷ ᠮᠤᠩᠭᠤᠯ ᠨᠢ ᠭᠤᠷᠪᠠᠨ ᠤᠮᠠᠷᠠᠳᠤ ᠶᠢ ᠠᠯᠠᠭᠠᠰᠠᠠᠭᠰᠠᠨ ᠮᠠᠨ ᠤ ᠤᠯᠤᠰ ᠤᠨ ᠤᠮᠠᠷᠠᠳᠤ ᠶᠢᠨ ᠬᠠᠮᠤᠭ ᠤᠨ ᠶᠡᠬᠡ ᠳᠠᠯᠠᠪᠠᠢ ᠲᠠᠢ᠂ ᠳᠦᠷᠦᠯ ᠵᠦᠢᠯ ᠢᠶᠡᠷ ᠬᠠᠮᠤᠭ ᠤᠨ ᠪᠦᠷᠢᠨ ᠠᠮᠢ ᠠᠬᠤᠢ ᠶᠢᠨ ᠴᠢᠳᠠᠪᠬᠢ ᠲᠠᠢ ᠪᠦᠰᠡ ᠪᠤᠯᠤᠨ᠎ᠠ᠃ ᠰᠡᠬᠦᠯ ᠤᠨ ᠵᠢᠯ ᠤᠳ ᠲᠤ ᠤᠨᠴᠠᠭᠠᠶᠢᠯᠠᠨ ᠨᠠᠮ ᠤᠨ ᠠᠷᠪᠠᠨ ᠨᠠᠶ᠋ᠮᠠᠳᠤᠭᠠᠷ ᠶᠡᠬᠡ ᠬᠤᠷᠠᠯ ᠡᠴᠡ ᠨᠠᠰᠢ᠂ ᠦᠪᠡᠷᠳᠡᠬᠡᠨ ᠵᠠᠰᠠᠬᠤ ᠤᠷᠤᠨ ᠤᠢ ᠰᠢᠭᠤᠢ ᠶᠢᠨ ᠪᠦᠷᠬᠦᠴᠡ ᠪᠤᠯᠤᠨ ᠤᠷᠭᠤᠮᠠᠯ ᠤᠨ ᠪᠦᠷᠬᠦᠴᠡ ᠶᠢᠨ ᠨᠤᠷᠮ᠎ᠠ ᠶᠢ ᠳᠡᠬᠡᠭᠰᠢᠯᠡᠬᠦᠯᠬᠦ《ᠬᠤᠤᠰ ᠦᠰᠦᠯᠳᠡ》᠂ ᠳᠠᠴᠢᠷᠰᠢᠯᠳᠠ ᠪᠠ ᠡᠯᠡᠰᠦᠵᠢᠯᠳᠡ ᠦᠷᠬᠦᠯᠵᠢᠯᠡᠨ ᠪᠠᠭᠤᠷᠠᠭᠰᠠᠨ《ᠬᠤᠤᠰ ᠪᠠᠭᠤᠷᠠᠯᠳᠠ》 ᠶᠢ ᠪᠡᠶᠡᠯᠡᠬᠦᠯᠵᠤ᠂ ᠰᠢᠷ᠎ᠠ ᠡᠯᠡᠰᠦ ᠶᠢ ᠨᠤᠭᠤᠭᠠᠨ ᠢᠶᠡᠷ ᠪᠤᠳᠤᠭᠯᠠᠨ ᠮᠠᠨ ᠤ ᠤᠯᠤᠰ ᠤᠨ ᠤᠮᠠᠷᠠᠳᠤ ᠬᠢᠵᠠᠭᠠᠷ ᠤᠨ ᠴᠢᠬᠤᠯᠠ ᠠᠮᠢ ᠠᠬᠤᠢ ᠶᠢᠨ ᠬᠠᠯᠬᠠᠪᠴᠢ ᠶᠢ ᠨᠡᠩ ᠦᠵᠡᠰᠬᠦᠯᠡᠩᠳᠤ ᠰᠠᠶᠢᠬᠠᠨ᠂ ᠨᠡᠩ ᠪᠡᠬᠢ ᠪᠤᠯᠭᠠᠵᠤ᠂ ᠨᠠᠮ ᠤᠨ ᠠᠷᠪᠠ ᠶᠢᠰᠦᠳᠦᠬᠡᠷ ᠤᠳᠠᠭᠠᠨ ᠤ ᠳᠦᠯᠦᠬᠡᠯᠡᠭᠴᠢᠳ ᠤᠨ ᠶᠡᠬᠡ ᠬᠤᠷᠠᠯ ᠢ ᠢᠳᠡᠬᠡᠯ ᠳᠡᠬᠦᠯᠳᠡᠷ ᠢᠶᠡᠷ ᠤᠭᠳᠤᠨ ᠬᠦᠯᠢᠶᠡᠵᠤ ᠪᠠᠶᠢᠨ᠎ᠠ᠃

    ᠠᠮᠢ ᠠᠬᠤᠢ ᠶᠢ ᠰᠠᠶᠢᠵᠢᠷᠠᠭᠤᠯᠵᠤ ᠬᠠᠯᠬᠠᠪᠴᠢ ᠶᠢ ᠪᠡᠬᠢᠵᠢᠬᠦᠯᠪᠡ

    ᠦᠪᠦᠷ ᠮᠤᠩᠭᠤᠯ ᠨᠢ ᠮᠠᠨ ᠤ ᠤᠯᠤᠰ ᠤᠨ ᠴᠦᠯᠵᠢᠯᠳᠡ ᠬᠢᠬᠡᠳ ᠡᠯᠡᠰᠦᠵᠢᠭᠰᠡᠨ ᠳᠠᠯᠠᠪᠠᠢ ᠬᠠᠮᠤᠭ ᠤᠨ ᠶᠡᠬᠡᠪᠡᠷ ᠳᠦᠪᠯᠡᠷᠡᠭᠰᠡᠨ᠂ ᠳᠦᠭᠰᠢᠬᠦᠷᠢ ᠬᠠᠮᠤᠭ ᠤᠨ ᠨᠤᠴᠢᠳᠠᠢ ᠮᠤᠵᠢ ᠤᠷᠤᠨ ᠤ ᠨᠢᠬᠡ ᠪᠠᠶᠢᠵᠤ᠂ ᠴᠦᠯᠵᠢᠯᠳᠡ ᠬᠢᠬᠡᠳ ᠡᠯᠡᠰᠦᠵᠢᠯᠳᠡ ᠤᠷᠤᠨ ᠲᠠᠶᠠᠭᠠᠷ ᠤᠨ ᠪᠦᠬᠦᠶᠢᠯᠡ ᠠᠶᠢᠮᠠᠭ ᠬᠤᠳᠠ ᠶᠢ ᠪᠦᠷᠬᠦᠭᠰᠡᠨ ᠶᠤᠮ᠃

    ᠳᠡᠬᠡᠷ᠎ᠡ ᠵᠠᠭᠤᠨ ᠤ ᠨᠠᠶᠠ ᠶᠡᠷᠡᠬᠡᠳ ᠤᠨ ᠤ ᠦᠶ᠎ᠡ ᠪᠡᠷ᠂ ᠬᠤᠷ᠎ᠠ ᠳᠤᠨᠳᠠᠰᠤ ᠪᠠᠭ᠎ᠠ ᠭᠠᠩ ᠬᠠᠭᠤᠷᠠᠢ ᠶᠢᠨ ᠳᠡᠬᠡᠷ᠎ᠡ ᠬᠤᠯᠤᠭᠠᠨ᠎ᠠ ᠪᠠ ᠬᠤᠷᠤᠬᠠᠢ ᠰᠢᠪᠡᠵᠢ ᠶᠢᠨ ᠭᠠᠮᠰᠢᠭ  ᠦᠷᠬᠦᠯᠵᠢᠯᠡᠭᠰᠡᠨ᠂ ᠳᠠᠭᠠᠭᠠᠴᠠ ᠡᠴᠡ ᠬᠡᠳᠦᠷᠡᠳᠡᠯ᠎ᠡ ᠮᠠᠯᠵᠢᠭᠰᠠᠨ ᠵᠡᠷᠬᠡ ᠶᠢᠨ ᠨᠦᠯᠦᠬᠡᠯᠡᠯ ᠢᠶᠡᠷ ᠦᠪᠦᠷ ᠮᠤᠩᠭᠤᠯ ᠤᠨ ᠳᠠᠯ᠎ᠠ ᠨᠤᠳᠤᠭ ᠤᠨ ᠠᠮᠢ ᠠᠬᠤᠢ ᠶᠢᠨ ᠤᠷᠴᠢᠨ ᠳᠠᠰᠤᠷᠠᠯᠳᠠ ᠦᠬᠡᠢ ᠮᠠᠭᠤᠳᠠᠵᠤ᠂ 2000 ᠤᠨ ᠬᠡᠬᠦ ᠳᠤ ᠳᠠᠯ᠎ᠠ ᠨᠤᠳᠤᠭ ᠤᠨ ᠤᠷᠭᠤᠮᠠᠯ ᠤᠨ ᠪᠦᠷᠬᠦᠴᠡ ᠵᠦᠪᠬᠡᠨ 30% ᠪᠤᠯᠤᠭᠰᠠᠨ ᠪᠠᠶᠢᠨ᠎ᠠ᠃ ᠠᠷᠪᠠᠭᠠᠳ ᠵᠢᠯ ᠤᠨ ᠳᠤᠷᠰᠢᠬᠢ ᠦᠷᠬᠦᠯᠵᠢᠯᠡᠭᠰᠡᠨ ᠵᠠᠰᠠᠯᠳᠠ ᠪᠤᠯᠤᠨ ᠤᠯᠤᠰ ᠤᠨ ᠳᠠᠯ᠎ᠠ ᠨᠤᠳᠤᠭ ᠤᠨ ᠨᠦᠬᠦᠪᠦᠷᠢ ᠱᠠᠩᠨᠠᠯ ᠤᠨ ᠳᠦᠷᠦ ᠶᠢᠨ ᠪᠤᠳᠤᠯᠭ᠎ᠠ ᠶᠢ ᠬᠡᠷᠡᠭᠵᠢᠬᠦᠯᠬᠦ ᠪᠡᠷ ᠳᠠᠮᠵᠢᠨ᠂ ᠤᠳᠤᠬᠠᠨ ᠳᠤ ᠳᠠᠯ᠎ᠠ ᠨᠤᠳᠤᠭ ᠤᠨ ᠠᠮᠢ ᠠᠬᠤᠢ ᠮᠠᠭᠤᠳᠠᠬᠤ ᠪᠠᠶᠢᠳᠠᠯ ᠶᠡᠷᠦᠩᠬᠡᠢ ᠳ᠋ᠡᠬᠡᠨ ᠬᠤᠷᠢᠭᠯᠠᠭᠳᠠᠵᠤ᠂ ᠵᠠᠷᠢᠮ ᠭᠠᠵᠠᠷ ᠢᠯᠡᠷᠬᠡᠢ ᠰᠡᠷᠬᠦᠭᠰᠡᠨ ᠪᠠᠶᠢᠨ᠎ᠠ᠃ 2016 ᠤᠨ ᠳᠤ ᠰᠢᠨ᠎ᠡ ᠨᠢᠬᠡ ᠡᠬᠡᠯᠵᠢ ᠶᠢᠨ ᠳᠠᠯ᠎ᠠ ᠨᠤᠳᠤᠭ ᠤᠨ ᠠᠮᠢ ᠠᠬᠤᠢ ᠶᠢᠨ ᠨᠦᠬᠦᠪᠦᠷᠢ ᠱᠠᠩᠨᠠᠯ ᠤᠨ ᠳᠦᠷᠦ ᠶᠢᠨ ᠪᠤᠳᠤᠯᠭ᠎ᠠ ᠶᠢ ᠬᠡᠷᠡᠭᠵᠢᠬᠦᠯᠬᠦ ᠦᠶ᠎ᠡ ᠪᠡᠷ ᠦᠪᠦᠷ ᠮᠤᠩᠭᠤᠯ 8.84 ᠳ᠋ᠦᠩᠰᠢᠭᠤᠷ ᠮᠦ ᠦᠨᠳᠦᠰᠦᠨ ᠳᠠᠯ᠎ᠠ ᠨᠤᠳᠤᠭ ᠤᠨ ᠵᠠᠭᠠᠭ ᠳᠤᠭᠳᠠᠭᠠᠨ ᠳᠠᠯ᠎ᠠ ᠨᠤᠳᠤᠭ ᠤᠨ ᠤᠷᠭᠤᠮᠠᠯ ᠤᠨ ᠪᠦᠷᠬᠦᠴᠡ ᠶᠢ ᠳᠤᠮᠳᠠᠴᠢ ᠪᠡᠷ 44% ᠳᠤ ᠬᠦᠷᠬᠡᠵᠤ᠂ ᠳᠡᠬᠡᠷ᠎ᠡ ᠵᠠᠭᠤᠨ ᠤ ᠨᠠᠶᠠᠭᠠᠳ ᠤᠨ ᠤ ᠳᠤᠮᠳᠠᠴᠢ ᠦᠶ᠎ᠡ ᠶᠢᠨ ᠬᠠᠮᠤᠭ ᠤᠨ ᠦᠨᠳᠦᠷ ᠳᠦᠪᠰᠢᠨ ᠳᠤ ᠬᠦᠷᠬᠡᠭᠰᠡᠨ ᠪᠠᠶᠢᠨ᠎ᠠ᠃

    15 ᠵᠢᠯ ᠤᠨ ᠡᠮᠦᠨ᠎ᠡ ᠡᠨᠳᠡ ᠬᠤᠪᠠᠬᠠᠢ ᠡᠯᠡᠰᠦ ᠦᠷᠬᠦᠯᠵᠢᠯᠡᠭᠡᠳ ᠠᠮᠤ ᠪᠤᠳᠠᠭ᠎ᠠ ᠳᠠᠷᠢᠵᠤ ᠴᠢᠳᠠᠬᠤ ᠦᠬᠡᠢ᠂ ᠬᠡᠷ ᠪᠠᠶᠢᠰᠢᠩ ᠡᠯᠡᠰᠦᠨ ᠳᠤ ᠪᠤᠯᠠᠭᠳᠠᠬᠤ ᠠᠶᠤᠯ ᠲᠠᠢ ᠪᠤᠯᠵᠤ ᠪᠠᠶᠢᠯ᠎ᠠ᠃ ᠤᠳᠤ ᠬᠠᠷᠢᠨ ᠡᠨᠳᠡ ᠡᠴᠡ ᠠᠳᠬᠤ ᠡᠯᠡᠰᠦ ᠤᠯᠬᠤ ᠳᠤ ᠴᠤ ᠬᠡᠴᠡᠬᠦᠦ ᠪᠤᠯᠵᠠᠢ ᠬᠡᠵᠤ ᠰᠢᠯᠢ ᠶᠢᠨ ᠭᠤᠤᠯ ᠠᠶᠢᠮᠠᠭ ᠤᠨ ᠳᠤᠯᠤᠨ ᠨᠠᠭᠤᠷ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ ᠵᠤᠤ ᠬᠤᠩ ᠵᠠᠨ ᠵᠠᠭᠤᠨ ᠳᠦᠮᠡᠨ ᠮᠦ ᠨᠠᠷᠠᠰᠤᠨ ᠤ ᠤᠢ ᠪᠡᠨ ᠬᠠᠷᠠᠭᠠᠳ ᠰᠡᠳᠬᠢᠯ ᠪᠠᠬᠠᠳᠤᠨ ᠶᠠᠷᠢᠯ᠎ᠠ᠃ ᠳᠤᠯᠤᠨ ᠨᠠᠭᠤᠷ ᠰᠢᠶᠠᠨ ᠤ ᠮᠤᠨᠳᠠᠭ ᠬᠤᠪᠢᠷᠠᠯᠳᠠ ᠨᠢ ᠵᠦᠪᠬᠡᠨ ᠦᠪᠦᠷ ᠮᠤᠩᠭᠤᠯ ᠤᠨ ᠤᠶᠢᠵᠢᠭᠤᠯᠤᠯᠳᠠ ᠬᠢᠵᠤ ᠨᠤᠭᠤᠭᠠᠷᠠᠭᠤᠯᠤᠯᠳᠠ ᠬᠢᠭᠰᠡᠨ ᠤ ᠬᠤᠷᠢᠶᠠᠩᠭᠤᠢ ᠳᠦᠷᠢ ᠪᠤᠯᠬᠤ ᠶᠤᠮ᠃

    ᠰᠡᠷᠬᠡᠶᠢᠯᠡᠨ ᠵᠠᠰᠠᠯᠳᠠ ᠶᠢᠨ ᠬᠦᠴᠦᠯᠡᠴᠡ ᠳᠠᠰᠤᠷᠠᠯᠳᠠ ᠦᠬᠡᠢ ᠨᠡᠮᠡᠭᠳᠡᠬᠦ ᠶᠢ ᠳᠠᠭᠠᠯᠳᠤᠨ᠂ ᠦᠪᠦᠷ ᠮᠤᠩᠭᠤᠯ ᠨᠢ《ᠭᠤᠷᠪᠠᠨ ᠤᠮᠠᠷᠠᠳᠤ》 ᠶᠢᠨ ᠬᠠᠯᠬᠠᠪᠴᠢ ᠤᠢ  ᠶᠢᠨ ᠰᠢᠰᠲ᠋ᠧᠮ ᠤᠨ ᠪᠠᠶᠢᠭᠤᠯᠤᠯᠳᠠ᠂ ᠪᠠᠶᠢᠭᠠᠯᠢᠯᠢᠭ ᠤᠢ ᠶᠢᠨ ᠬᠠᠮᠠᠭᠠᠯᠠᠯᠳᠠ᠂ ᠬᠠᠭᠠᠯᠪᠤᠷᠢᠯᠠᠬᠤ ᠶᠢ ᠵᠤᠭᠰᠤᠭᠠᠵᠤ ᠤᠶᠢᠵᠢᠭᠤᠯᠤᠯᠳᠠ ᠬᠢᠬᠦ᠂ ᠪᠡᠬᠡᠵᠢᠩ ᠲᠢᠶᠠᠨᠵᠢᠨ ᠤ ᠰᠠᠯᠬᠢᠨ ᠤ ᠡᠬᠢ ᠶᠢ ᠵᠠᠰᠠᠬᠤ ᠵᠡᠷᠬᠡ ᠤᠯᠤᠰ ᠤᠨ ᠤᠢ ᠰᠢᠭᠤᠢ ᠶᠢᠨ ᠴᠢᠬᠤᠯᠠ ᠠᠮᠢ ᠠᠬᠤᠢ ᠶᠢᠨ ᠢᠨᠵᠧᠨᠧᠷᠢᠩ ᠳᠤ ᠳᠦᠰᠢᠭᠯᠡᠨ ᠤᠷᠤᠨ ᠲᠠᠶᠠᠭᠠᠷ ᠤᠨ ᠡᠯ᠎ᠡ ᠠᠶᠢᠮᠠᠭ ᠬᠤᠳᠠ ᠶᠢᠨ ᠪᠦᠬᠦᠶᠢᠯᠡ ᠬᠤᠰᠢᠭᠤ ᠰᠢᠶᠠᠨ ᠴᠦᠮ《ᠨᠤᠭᠤᠭᠠᠨ ᠬᠦᠷᠮ᠎ᠡ》 ᠬᠡᠳᠦᠷᠦᠭᠰᠡᠨ ᠶᠤᠮ᠃ ᠪᠦᠷᠢᠳᠬᠡᠯ ᠢ ᠦᠨᠳᠦᠰᠦᠯᠡᠪᠡᠯ᠂ ᠰᠡᠬᠦᠯ ᠤᠨ ᠠᠷᠪᠠᠨ ᠵᠢᠯ ᠤᠨ ᠳᠤᠷᠰᠢ᠂ ᠦᠪᠦᠷ ᠮᠤᠩᠭᠤᠯ ᠤᠢ ᠶᠢᠨ ᠠᠵᠤ ᠦᠢᠯᠡᠰ ᠤᠨ ᠠᠮᠢ ᠠᠬᠤᠢ ᠶᠢᠨ ᠪᠦᠳᠦᠬᠡᠨ ᠪᠠᠶᠢᠭᠤᠯᠤᠯᠳᠠ ᠶᠢ 1.04 ᠳ᠋ᠦᠩᠰᠢᠭᠤᠷ ᠮᠦ ᠪᠡᠶᠡᠯᠡᠬᠦᠯᠵᠤ᠂ ᠵᠢᠯ ᠳᠤᠮᠳᠠᠴᠢ ᠶᠢᠨ ᠤᠶᠢᠵᠢᠭᠤᠯᠤᠯᠳᠠ ᠶᠢᠨ ᠳᠠᠯᠠᠪᠠᠢ 1000 ᠳᠦᠮᠡᠨ ᠮᠦ ᠡᠴᠡ ᠳᠡᠬᠡᠭᠰᠢ ᠪᠤᠯᠵᠤ᠂ ᠨᠡᠶᠢᠳᠡ ᠤᠶᠢᠵᠢᠭᠤᠯᠤᠯᠳᠠ ᠶᠢᠨ ᠳᠠᠯᠠᠪᠠᠢ ᠤᠯᠤᠰ ᠲᠠᠶᠠᠭᠠᠷ ᠤᠨ ᠬᠡᠮᠵᠢᠶᠡᠨ ᠳᠤ ᠳᠦᠷᠦᠬᠦᠯᠡᠭᠰᠡᠨ ᠪᠠᠶᠢᠨ᠎ᠠ᠃

    ᠡᠯᠡᠰᠦᠵᠢᠯᠲᠠ ᠪᠠᠭᠠᠰᠴᠤ ᠨᠤᠭᠤᠭᠠᠷᠠᠯᠲᠠ ᠨᠡᠮᠡᠭᠳᠡᠪᠡ

    ᠲᠡᠤᠬᠡᠨ ᠡᠴᠡ ᠤᠷᠳᠤᠰ ᠬᠤᠲᠠ ᠶᠢᠨ ᠬᠢᠯᠢ ᠳᠤ ᠪᠠᠶᠢᠷᠢᠯᠠᠭ᠎ᠠ ᠮᠤᠤᠠᠤᠰᠤ ᠨᠢ ᠡᠯᠡᠰᠤᠷᠬᠡᠭ᠌ ᠨᠤᠳᠤᠭ ᠪᠤᠯᠬᠤᠷ ᠰᠠᠯᠬᠢ ᠰᠢᠭᠤᠷᠭ᠎ᠠ ᠶᠡᠬᠡ᠂ ᠠᠷᠪᠠᠨ ᠵᠢᠯ ᠤᠨ ᠶᠢᠰᠤ ᠨᠢ ᠭᠠᠩ ᠲᠠᠢ᠂ ᠠᠮᠢ ᠠᠬᠤᠢ ᠶᠢᠨ ᠪᠠᠶᠢᠳᠠᠯ ᠬᠡᠪᠡᠷᠡᠭ ᠪᠠᠶᠢᠪᠠ᠃ 2011 ᠤᠨ ᠡᠴᠡ ᠡᠬᠢᠯᠡᠨ᠂ ᠤᠯᠤᠰ ᠡᠴᠡ ᠡᠯᠡᠰᠦ ᠶᠢ ᠵᠠᠰᠠᠬᠤ ᠬᠦᠴᠦᠯᠡᠴᠡ ᠪᠡᠨ ᠴᠢᠩᠭᠠᠳᠬᠠᠨ᠂ ᠮᠤᠤᠠᠤᠰᠤ ᠶᠢᠨ ᠤᠯᠤᠰ ᠤᠨ ᠦᠮᠴᠢᠯᠡᠯᠲᠤ ᠦᠯᠢᠭᠡᠷ ᠵᠢᠱᠢᠶ᠎ᠠ ᠶᠢᠨ ᠨᠢᠭᠡᠳᠦᠮᠡᠯ ᠲᠦᠰᠦᠯ ᠢ ᠲᠦᠷᠭᠡᠨ ᠠᠬᠢᠭᠤᠯᠤᠭᠰᠠᠨ ᠢᠶᠡᠷ ᠦᠩᠭᠡᠷᠡᠭᠰᠡᠨ ᠤ ᠨᠢᠴᠦᠬᠦᠨ ᠬᠦᠷᠦᠰᠤ ᠤᠢ ᠶᠢᠨ ᠳᠠᠯᠠᠢ ᠪᠤᠯᠪᠠ᠃

    ᠦᠪᠦᠷ ᠮᠣᠩᠭᠣᠯ ᠤᠨ ᠳᠤᠮᠳᠠ ᠬᠡᠰᠡᠭ ᠢᠶᠡᠷ ᠪᠠᠶᠢᠷᠢᠯᠠᠭ᠎ᠠ ᠰᠢᠯᠢ ᠶᠢᠨ ᠭᠤᠤᠯ ᠠᠶᠢᠮᠠᠭ ᠲᠤ ᠤᠯᠤᠰ ᠳᠠᠶᠠᠭᠠᠷ ᠤᠨ ᠲᠠᠪᠤᠨ ᠲᠤᠮᠤ ᠡᠯᠡᠰᠤᠷᠬᠡᠭ᠌ ᠭᠠᠵᠠᠷ ᠤᠨ ᠬᠤᠯᠤᠨ ᠰᠢᠷᠭ᠎ᠠ ᠳᠠᠭ᠎ᠠ ᠪᠤᠯᠤᠨ ᠦᠵᠦᠮᠦᠴᠢᠨ ᠤ ᠡᠯᠡᠰᠦᠷᠬᠡᠭ ᠭᠠᠵᠠᠷ ᠬᠦᠨᠳᠡᠯᠢᠰᠵᠤ ᠪᠠᠶᠢᠳᠠᠭ᠃ ᠲᠡᠭᠡᠷ᠎ᠠ ᠵᠠᠭᠤᠨ ᠤ ᠳᠠᠯᠠᠭᠠᠳ ᠤᠨ ᠡᠴᠡ ᠡᠨᠡ ᠵᠠᠭᠤᠨ ᠤ ᠡᠬᠢᠨ ᠬᠦᠷᠳᠡᠯ᠎ᠡ᠂ ᠬᠤᠯᠤᠨ ᠰᠢᠷᠭ᠎ᠠ ᠳᠠᠭ᠎ᠠ ᠶᠢᠨ ᠡᠯᠡᠰᠤᠵᠢᠯᠲᠠ ᠲᠡᠯᠡᠵᠤ ᠤᠶᠢᠷ᠎ᠠ ᠬᠠᠪᠢ ᠶᠢᠨ ᠲᠠᠯ᠎ᠠ ᠨᠤᠲᠤᠭ ᠢ ᠵᠠᠯᠬᠢᠨ᠂ ᠵᠢᠯ ᠳᠤ ᠳᠤᠮᠳᠠᠴᠢ ᠪᠡᠷ 70 ᠺᠦᠸᠠᠳ᠋ ᠺᠢᠯᠦᠮᠧᠲ᠋ᠷ ᠲᠡᠯᠡᠪᠠ᠃ ᠲᠤᠭᠤᠰᠤ ᠲᠡᠭᠳᠡᠬᠦ ᠪᠠ ᠡᠯᠡᠰᠤᠨ ᠰᠢᠭᠤᠷᠭᠠᠲᠤ ᠡᠳᠦᠷ ᠤᠳ ᠦᠷᠭᠦᠯᠵᠢᠯᠡᠵᠤ ᠬᠦᠮᠦᠰ ᠤᠨ ᠠᠮᠢᠳᠤᠷᠠᠯ ᠢ ᠬᠦᠨᠲᠤ ᠨᠤᠴᠢᠲᠠᠢ ᠨᠦᠯᠦᠭᠡᠯᠡᠭᠰᠡᠨ ᠪᠠᠶᠢᠨ᠎ᠠ᠃

    ᠡᠨᠡᠬᠦ ᠪᠠᠶᠢᠳᠠᠯ ᠢ ᠬᠤᠪᠢᠷᠠᠭᠤᠯᠬᠤ ᠶᠢᠨ ᠲᠦᠯᠦᠭᠡ ᠰᠢᠯᠢ ᠶᠢᠨ ᠭᠤᠤᠯ ᠠᠶᠢᠮᠠᠭ ᠪᠦᠬᠦ ᠢᠷᠭᠡᠳ ᠢᠶᠡᠷ ᠢᠶᠡᠨ ᠡᠯᠡᠰᠤ ᠶᠢ ᠵᠠᠰᠠᠬᠤ ᠤᠷᠢᠶᠠᠯᠠᠭ᠎ᠠ ᠭᠠᠷᠭᠠᠵᠤ᠂ ᠲᠠᠯ᠎ᠠ ᠨᠤᠲᠤᠭ ᠤᠨ ᠬᠠᠮᠢᠶᠠᠷᠤᠯᠲᠠ᠂ ᠤᠢ ᠰᠢᠭᠤᠢ ᠶᠢᠨ ᠲᠤᠳᠤᠭᠠᠲᠤ ᠶᠢ ᠬᠠᠮᠠᠭᠠᠯᠠᠬᠤ ᠲᠤᠭᠤᠷᠢᠨ ᠪᠠᠶᠢᠴᠠᠭᠠᠯᠲᠠ᠂ ᠰᠤᠮᠤ ᠰᠢᠶᠠᠩ ᠪᠠᠯᠭᠠᠰᠤ ᠵᠢᠴᠢ ᠭᠠᠴᠠᠭ᠎ᠠ ᠲᠤᠰᠬᠤᠨ ᠤ ᠵᠤᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ᠂ ᠮᠠᠯᠴᠢᠨ ᠲᠠᠷᠢᠶᠠᠴᠢᠳ ᠤᠨ ᠬᠠᠮᠢᠶᠠᠷᠤᠯᠲᠠ ᠬᠠᠮᠠᠭᠠᠯᠠᠯᠲᠠ ᠪᠡᠷ ᠭᠤᠤᠯ ᠪᠤᠯᠭᠠᠭᠰᠠᠨ ᠬᠠᠮᠢᠶᠠᠷᠤᠯᠲᠠ ᠬᠠᠮᠠᠭᠠᠯᠠᠯᠲᠠ ᠶᠢᠨ ᠳᠦᠷᠢᠮ ᠢ ᠪᠠᠶᠢᠭᠤᠯᠪᠠ᠃ ᠲᠦᠷᠦ ᠶᠢᠨ ᠪᠤᠳᠤᠯᠭ᠎ᠠ ᠶᠢᠨ ᠵᠠᠮᠴᠢᠯᠠᠯ ᠬᠢᠭᠡᠳ ᠡᠳ᠋ ᠤᠨ ᠵᠠᠰᠠᠭ ᠤᠨ ᠦᠷ᠎ᠠ ᠠᠰᠢᠭ ᠤᠨ ᠬᠤᠤᠰ ᠳᠡᠮᠵᠢᠯᠭᠡ  ᠳᠤᠤᠷ᠎ᠠ ᠮᠠᠯᠴᠢᠨ ᠲᠠᠷᠢᠶᠠᠴᠢᠳ ᠤᠨ ᠡᠯᠡᠰᠤ ᠶᠢ ᠵᠠᠰᠠᠬᠤ ᠢᠳᠡᠪᠬᠢᠵᠢᠯ ᠨᠡᠮᠡᠭᠳᠡᠵᠠᠢ᠃ ᠤᠳᠤᠬᠠᠨ ᠳᠤ᠂ ᠰᠢᠯᠢ ᠶᠢᠨ ᠭᠤᠤᠯ ᠠᠶᠢᠮᠠᠭ ᠤᠨ ᠨᠡᠶᠢᠲᠠ ᠶᠢᠨ ᠦᠮᠴᠢᠯᠡᠯᠲᠤ ᠪᠤᠰᠤ ᠡᠯᠡᠰᠤ ᠶᠢ ᠵᠠᠰᠠᠵᠤ ᠤᠶᠢᠵᠢᠭᠤᠯᠤᠭᠰᠠᠨ ᠭᠤᠤᠯ ᠴᠤᠭᠴᠠ 7 ᠲᠦᠮᠡ ᠭᠠᠷᠤᠢ ᠪᠤᠯᠤᠭᠰᠠᠨ ᠪᠠᠶᠢᠨ᠎ᠠ᠃

    ᠤᠷᠤᠨ ᠳᠠᠶᠠᠭᠠᠷ ᠤᠨ ᠴᠦᠯᠵᠢᠭᠰᠡᠨ ᠪᠤᠯᠤᠨ ᠡᠯᠡᠰᠦᠵᠢᠭᠰᠡᠨ ᠪᠦᠰᠡ ᠨᠤᠲᠤᠭ ᠤᠨ ᠠᠮᠢ ᠠᠬᠤᠢ ᠶᠢᠨ ᠪᠠᠶᠢᠳᠠᠯ ᠰᠠᠶᠢᠵᠢᠷᠠᠵᠤ᠂ 15 ᠵᠢᠯ ᠳᠠᠷᠠᠭᠠᠯᠠᠨ ᠬᠤᠤᠰ ᠪᠠᠭᠤᠷᠠᠯᠲᠠ ᠶᠢ ᠪᠠᠲᠤᠯᠠᠵᠠᠢ᠃ ᠤᠳᠤᠬᠠᠨ ᠳᠤ᠂ ᠲᠠᠪᠤᠨ ᠶᠡᠬᠡ ᠡᠯᠡᠰᠤᠨ ᠴᠦᠯ ᠤᠨ ᠡᠷᠭᠢᠨ ᠲᠤᠭᠤᠷᠢᠨ ᠳᠡᠬᠢ ᠭᠤᠤᠯᠳᠠᠯᠭ᠎ᠠ ᠲᠠᠢ ᠵᠠᠰᠠᠬᠤ ᠪᠦᠰᠡ ᠶᠢᠨ ᠲᠡᠯᠡᠯᠲᠡ ᠬᠤᠷᠢᠭᠯᠠᠭᠳᠠᠵᠤ᠂ ᠡᠯᠡᠰᠤᠨ ᠴᠦᠯ ᠤᠨ ᠲᠠᠯᠠᠪᠠᠢ ᠬᠠᠷᠢᠴᠠᠩᠭᠤᠢ ᠲᠤᠭᠲᠠᠭᠤᠨ ᠪᠤᠯᠵᠤ ᠲᠠᠪᠤᠨ ᠶᠡᠬᠡ ᠡᠯᠡᠰᠤᠨ ᠴᠦᠯ ᠤᠨ ᠨᠤᠭᠤᠭᠠᠷᠠᠯᠲᠠ ᠶᠢᠨ ᠪᠦᠷᠬᠦᠴᠡ ᠨᠡᠮᠡᠭᠳᠡᠪᠠ᠃

    ᠬᠦᠴᠦᠨ ᠢᠶᠡᠨ ᠨᠢᠭᠡᠳᠭᠡᠵᠤ ᠡᠯᠡᠰᠤ ᠶᠢ ᠰᠠᠶᠢᠲᠤᠷ ᠵᠠᠰᠠᠨ᠎ᠠ

    ᠡᠯᠡᠰᠤᠨ ᠴᠦᠯ ᠨᠢ ᠶᠠᠮᠠᠷ ᠴᠤ ᠬᠡᠷᠡᠭᠴᠡᠬᠡ ᠦᠭᠡᠢ ᠪᠢᠰᠢ᠂ ᠡᠯᠡᠰᠤ ᠶᠢ ᠵᠠᠰᠠᠬᠤ ᠳᠤ ᠡᠷᠬᠡᠪᠰᠢ ᠬᠠᠷᠢᠴᠠᠭᠤᠯᠬᠤ ᠲᠠᠪᠠᠭᠤᠯᠢᠭ ᠢ ᠰᠦᠪᠡᠭ᠍ᠴᠢᠯᠡᠬᠦ ᠬᠡᠷᠡᠭᠲᠠᠢ᠃ ᠰᠡᠭᠦᠯ ᠤᠨ ᠵᠢᠯ ᠤᠳ ᠲᠤ᠂ ᠦᠪᠦᠷ ᠮᠣᠩᠭᠣᠯ ᠡᠯᠡᠰᠤ ᠶᠢ ᠭᠦᠨᠵᠡᠭᠡᠢ ᠵᠠᠰᠠᠬᠤ ᠵᠠᠭᠪᠤᠷ ᠢ ᠰᠦᠪᠡᠭ᠍ᠴᠢᠯᠡᠵᠤ᠂ ᠡᠯᠡᠰᠤᠨ ᠤ ᠦᠢᠯᠡᠰ ᠢ ᠶᠡᠬᠡᠪᠡᠷ ᠬᠦᠭ᠍ᠵᠢᠭᠦᠯᠦᠨ ᠡᠯᠡᠰᠤᠨ ᠴᠦᠯ᠂ ᠡᠯᠡᠰᠦᠷᠬᠡᠭ᠌ ᠭᠠᠵᠠᠷ ᠤᠨ ᠠᠵᠤ ᠦᠢᠯᠡᠰ ᠤᠨ ᠪᠦᠲᠦᠴᠡ ᠶᠢ ᠲᠤᠬᠢᠷᠠᠭᠤᠯᠵᠤ᠂ ᠡᠳ᠋ ᠤᠨ ᠵᠠᠰᠠᠭ ᠤᠨ ᠬᠦᠭ᠍ᠵᠢᠯᠲᠠ ᠶᠢ ᠠᠬᠢᠭᠤᠯᠵᠤ ᠪᠤᠢ᠃

    ᠤᠳᠤ᠂ ᠥᠪᠦᠷ ᠮᠣᠩ᠋ᠭᠤᠯ ᠨᠢᠬᠡᠨᠲᠠ ᠡᠯᠡᠰᠦᠨ ᠳᠤ ᠳᠤᠬᠢᠷᠠᠮᠵᠢᠳᠠᠢ ᠤᠷᠭᠤᠮᠠᠯ ᠲᠠᠷᠢᠵᠤ ᠡᠳᠡᠬᠡᠷᠡᠬᠦᠯᠬᠦ ᠪᠠ ᠠᠰᠢᠬᠯᠠᠬᠤ᠂ ᠡᠮ ᠳᠤ ᠵᠠᠷᠤᠬᠤ ᠤᠨᠴᠠᠭᠠᠢ ᠤᠷᠭᠤᠮᠠᠯ ᠢ ᠲᠠᠷᠢᠵᠤ ᠤᠷᠭᠤᠭᠤᠯᠬᠤ ᠪᠠ ᠪᠤᠯᠪᠠᠰᠤᠷᠠᠭᠤᠯᠵᠤ ᠡᠵᠡᠩᠨᠡᠬᠦ᠂ ᠤᠢ ᠴᠠᠭᠠᠰᠤᠨ ᠤ ᠨᠢᠬᠡᠳᠤᠯ ᠪᠠ ᠠᠮᠢᠳᠤ ᠪᠤᠳᠠᠰᠯᠢᠭ ᠡᠷᠴᠢᠮ ᠬᠦᠴᠦᠨ ᠤ ᠥᠢᠯᠡᠳᠪᠤᠷᠢᠵᠢᠯᠳᠡ᠂ ᠡᠯᠡᠰᠦᠷᠬᠡᠭ ᠪᠦᠰᠡ ᠶᠢᠨ ᠲᠤᠰᠬᠠᠢ ᠵᠣᠷᠢᠭᠤᠯᠤᠯᠲᠠ ᠶᠢᠨ ᠡᠬᠢ ᠰᠤᠷᠪᠤᠯᠵᠢ ᠶᠢ ᠨᠡᠬᠡᠬᠡᠨ ᠬᠦᠭ᠍ᠵᠢᠬᠦᠯᠬᠦ ᠪᠠ ᠠᠰᠢᠬᠯᠠᠬᠤ᠂ ᠡᠵᠡᠬᠦᠢ ᠬᠡᠬᠡᠷ᠎ᠠ ᠪᠠ ᠡᠯᠡᠰᠦᠷᠬᠡᠭ ᠪᠦᠰᠡ ᠶᠢᠨ ᠵᠢᠭᠤᠯᠴᠢᠯᠠᠯ᠂ ᠤᠰᠤ ᠬᠡᠮᠨᠡᠬᠦ ᠤᠰᠤᠯᠠᠯᠲᠠ ᠪᠠ ᠰᠡᠯᠬᠢ ᠨᠠᠷᠠᠨ ᠤ ᠡᠷᠴᠢᠮ ᠬᠦᠴᠦᠨ ᠤ ᠠᠰᠢᠬᠯᠠᠯᠲᠠ ᠵᠡᠷᠬᠡ 6 ᠲᠦᠷᠦᠯ ᠤᠨ ᠡᠯᠡᠰᠦᠨ ᠤ ᠠᠵᠤ ᠥᠢᠯᠡᠳᠪᠤᠷᠢ ᠶᠢᠨ ᠬᠡᠪ ᠵᠠᠬᠪᠤᠷ ᠢ ᠭᠤᠤᠯᠯᠠᠨ ᠨᠡᠬᠡᠬᠡᠨ ᠠᠰᠢᠭᠯᠠᠪᠠ᠃

    ᠥᠪᠦᠷ ᠮᠣᠩ᠋ᠭᠤᠯ ᠤᠨ ᠤᠢ ᠰᠢᠭᠤᠢ ᠶᠢᠨ ᠲᠢᠩᠬᠢᠮ ᠤᠨ ᠶᠡᠷᠦᠩᠬᠡᠢ ᠢᠨᠵᠧᠨᠧᠷ ᠳ᠋ᠦᠩ ᠱᠦ ᠬᠤᠧᠠ ᠰᠤᠷᠪᠤᠯᠵᠢᠯᠠᠬᠴᠢ ᠳᠤ᠂ ᠡᠯᠡᠰᠦᠨ ᠤ ᠠᠵᠤ ᠥᠢᠯᠡᠳᠪᠤᠷᠢ ᠶᠢᠨ ᠠᠬᠢᠴᠠ ᠶᠢ ᠳᠠᠭᠠᠯᠳᠤᠨ ᠬᠦᠳᠡᠬᠡ ᠲᠤᠰᠬᠤᠨ ᠤ ᠦᠯᠡᠬᠦᠦ ᠬᠦᠳᠡᠯᠮᠦᠷᠢ ᠬᠦᠴᠦᠨ ᠤ ᠰᠢᠯᠵᠢᠯᠲᠠ ᠶᠢ ᠲᠦᠷᠭᠡᠳᠭᠡᠭ᠍ᠰᠡᠨ ᠢᠶᠡᠷ ᠪᠠᠷᠠᠬᠤ ᠦᠬᠡᠢ ᠪᠤᠯᠪᠠᠰᠤᠷᠠᠭᠤᠯᠬᠤ᠂ ᠬᠠᠳᠠᠭᠠᠯᠠᠬᠤ᠂ ᠪᠤᠭᠤᠳᠠᠯᠯᠠᠬᠤ᠂ ᠳᠡᠬᠡᠬᠡᠪᠦᠷᠢᠯᠡᠬᠦ ᠵᠡᠷᠭᠡ ᠬᠤᠯᠪᠤᠭᠳᠠᠯ ᠪᠦᠬᠦᠢ ᠠᠵᠤ ᠥᠢᠯᠡᠳᠪᠤᠷᠢᠯᠡᠯ ᠤᠨ ᠬᠦᠭ᠍ᠵᠢᠯᠲᠠ ᠶᠢ ᠳᠠᠶᠢᠴᠢᠯᠠᠬᠰᠠᠨ ᠢᠶᠡᠷ᠂ ᠲᠠᠷᠢᠬᠤ᠂ ᠪᠤᠶᠢᠵᠢᠭᠤᠯᠬᠤ᠂ ᠪᠤᠯᠪᠠᠰᠤᠷᠠᠭᠤᠯᠬᠤ᠂ ᠥᠢᠯᠡᠳᠪᠤᠷᠢᠯᠡᠬᠦ᠂ ᠬᠠᠩᠭᠠᠬᠤ᠂ ᠪᠤᠷᠤᠯᠠᠭᠤᠯᠬᠤ ᠶᠢ ᠨᠢᠬᠡ ᠴᠤᠬᠴᠠᠵᠢᠭᠤᠯᠤᠭᠰᠠᠨ ᠠᠵᠤ ᠥᠢᠯᠡᠳᠪᠤᠷᠢ ᠶᠢᠨ ᠬᠡᠯᠬᠢᠶ ᠠ ᠠᠨᠭᠬ᠎ᠠ ᠠᠯᠬᠤᠮ ᠪᠦᠷᠢᠳᠤᠭ᠍ᠰᠡᠨ ᠪᠠᠶᠢᠨ᠎ᠠ᠃ ᠡᠬᠦᠨ ᠤ ᠵᠡᠷᠭᠡᠴᠡᠭᠡ《ᠠᠵᠤ ᠠᠬᠤᠶᠢᠯᠠᠯ + ᠰᠠᠭᠤᠷᠢᠨ + ᠬᠤᠷᠰᠢᠶᠠᠯᠠᠯ + ᠬᠦᠳᠡᠭᠡ ᠠᠵᠤ ᠠᠬᠤᠢ ᠶᠢᠨ ᠡᠷᠦᠬᠡ》 ᠶᠢᠨ ᠡᠵᠡᠩᠨᠡᠬᠦ ᠵᠠᠬᠪᠤᠷ ᠢ ᠢᠳᠡᠪᠬᠢᠲᠠᠢ ᠳᠡᠯᠭᠡᠷᠡᠭᠦᠯᠬᠦ ᠶᠢᠨ ᠬᠠᠮᠲᠤ ᠨᠢᠬᠡ ᠪᠦᠯᠦᠭ ᠤᠷᠤᠶᠢᠯᠠᠬᠴᠢ ᠠᠵᠤ ᠠᠬᠤᠶᠢᠯᠠᠯ ᠢ ᠪᠤᠢ ᠪᠤᠯᠭᠠᠵᠤ᠂ ᠠᠵᠤ ᠥᠢᠯᠡᠳᠪᠤᠷᠢᠵᠢᠯᠲᠠ ᠶᠢᠨ ᠬᠦᠭ᠍ᠵᠢᠯᠲᠠ ᠪᠡᠷ ᠳᠠᠮᠵᠢᠨ ᠡᠰᠡᠷᠬᠦ ᠴᠢᠭᠯᠡᠯ ᠢᠶᠡᠷ ᠡᠯᠡᠰᠦᠵᠢᠬᠦ ᠡᠴᠡ ᠰᠡᠷᠭᠡᠶᠢᠯᠡᠨ ᠡᠯᠡᠰᠤ ᠶᠢ ᠵᠠᠰᠠᠵᠤ᠂ ᠰᠠᠷᠭᠡᠶᠢᠯᠡᠵᠤ ᠵᠠᠰᠠᠬᠤ ᠦᠷᠭᠦᠯᠵᠢᠯᠡᠯ ᠤᠨ ᠴᠢᠨᠠᠷ ᠲᠠᠢ ᠬᠦᠭ᠍ᠵᠢᠯᠲᠠ ᠶᠢᠨ ᠴᠢᠳᠠᠪᠤᠷᠢ ᠶᠢ ᠨᠡᠮᠡᠭᠳᠡᠬᠦᠯᠤᠭ᠍ᠰᠠᠨ ᠬᠡᠵᠡᠢ᠃

    ᠪᠠᠶᠠᠨᠨᠠᠭᠤᠷ ᠬᠤᠲᠠ ᠳᠤ ᠪᠠᠶᠢᠷᠢᠯᠠᠭ᠎ᠠ ᠤᠯᠠᠭᠠᠨᠪᠤᠬ᠎ᠠ ᠡᠯᠡᠰᠦᠨ ᠴᠦᠯ ᠳᠤ ᠨᠢᠬᠡ ᠪᠦᠯᠦᠭ ᠡᠯᠡᠰᠦᠨ ᠤ ᠠᠵᠤ ᠥᠢᠯᠡᠳᠪᠤᠷᠢ ᠡᠷᠬᠢᠯᠡᠵᠤ ᠪᠠᠶᠢᠭ᠎ᠠ ᠠᠵᠤ ᠠᠬᠤᠶᠢᠯᠠᠯ ᠤᠨ ᠬᠦᠭ᠍ᠵᠢᠩᠬᠦᠢ ᠠᠮᠢᠯᠠᠬᠤ ᠬᠦᠴᠦᠨ ᠢᠯᠡᠷᠡᠵᠦ ᠪᠤᠢ᠃ ᠡᠬᠦᠨ ᠳᠤ ᠵᠦᠪᠬᠡᠨ ᠴᠠᠭᠠᠨ ᠭᠤᠶᠤᠤ ᠪᠡᠷ ᠮᠦᠴᠢᠷ ᠵᠠᠯᠭᠠᠵᠤ ᠵᠠᠭ ᠲᠠᠷᠢᠵᠤ ᠪᠠᠶᠢᠭ᠎ᠠ ᠠᠵᠤ ᠠᠬᠤᠶᠢᠯᠠᠯ 23 ᠪᠤᠢ᠂ ᠬᠦᠮᠦᠨ ᠤ ᠬᠦᠴᠦ ᠪᠡᠷ ᠲᠠᠷᠢᠬᠰᠠᠨ ᠵᠠᠭ ᠤᠨ ᠲᠠᠯᠠᠪᠠᠢ 19 ᠲᠦᠮᠡᠨ ᠮᠦ ᠳᠤ ᠬᠦᠷᠴᠤ᠂ ᠴᠠᠭᠠᠨ ᠭᠤᠶᠤᠤ ᠪᠡᠷ ᠮᠦᠴᠢᠷ ᠵᠠᠯᠭᠠᠬᠰᠠᠨ ᠵᠠᠭ ᠤᠨ ᠲᠠᠯᠠᠪᠠᠢ 9 ᠲᠦᠮᠡᠨ ᠮᠦ ᠳᠤ ᠬᠦᠷᠤᠬᠡᠳ ᠵᠢᠯ ᠳᠤ ᠰᠢᠨ᠎ᠠ ᠰᠤᠷᠭᠤᠭ ᠴᠠᠭᠠᠨ ᠭᠤᠶᠤᠤ ᠪᠠᠷᠤᠭ 300 ᠳᠤᠨ ᠤ ᠭᠠᠷᠤᠯᠲᠠ ᠲᠠᠢ ᠪᠤᠯᠵᠤ ᠪᠤᠢ᠃ ᠡᠨᠡ ᠨᠢ ᠰᠢᠷ᠎ᠠ ᠡᠯᠡᠰᠦᠨ ᠳᠤ ᠨᠤᠭᠤᠭᠠᠨ ᠬᠦᠷᠮ᠎ᠠ ᠨᠥᠮᠦᠷᠡᠭᠦᠯᠦᠭᠰᠡᠨ ᠢᠶᠡᠷ ᠪᠠᠷᠠᠬᠤ ᠦᠬᠡᠢ 《ᠡᠯᠡᠰᠦᠨ ᠡᠴᠡ ᠠᠯᠲᠠ ᠬᠠᠶᠢᠬᠤ》 ᠶᠢ ᠪᠡᠶᠡᠯᠡᠭᠦᠯᠦᠭᠰᠡᠨ ᠪᠠᠶᠢᠨ᠎ᠠ᠃

    ᠡᠯᠡᠰᠦᠨ ᠤ ᠠᠵᠤ ᠥᠢᠯᠡᠳᠪᠤᠷᠢ ᠶᠢ ᠢᠷᠭᠡᠳ ᠢ ᠴᠢᠨᠡᠬᠡᠯᠢᠭ᠍ᠵᠢᠬᠦᠯᠬᠦ ᠪᠣᠬᠢᠷᠳᠤᠯ ᠦᠬᠡᠢ ᠠᠵᠤ ᠥᠢᠯᠡᠳᠪᠤᠷᠢ ᠪᠤᠯᠭᠠᠬᠤ ᠶᠢᠨ ᠲᠦᠯᠦᠬᠡ ᠥᠪᠦᠷ ᠮᠣᠩᠭᠤᠯ《ᠬᠡᠨ ᠤᠶᠢᠵᠢᠭᠤᠯᠪᠠᠯ ᠬᠡᠨ ᠦᠮᠴᠢᠯᠡᠵᠤ ᠬᠡᠨ ᠠᠰᠢᠭ ᠬᠦᠷᠳᠡᠬᠦ》ᠵᠠᠷᠴᠢᠮ ᠢ ᠪᠠᠷᠢᠮᠳᠠᠯᠠᠨ᠂ ᠠᠵᠤ ᠠᠬᠤᠶᠢᠯᠠᠯ ᠤᠳ ᠢ ᠤᠶᠢᠵᠢᠭᠤᠯᠬᠤ ᠠᠵᠢᠯ ᠥᠢᠯᠡᠰ ᠲᠤ ᠬᠦᠷᠦᠩᠬᠡ ᠤᠷᠤᠭᠤᠯᠬᠤ ᠶᠢ ᠵᠣᠷᠢᠬᠵᠢᠭᠤᠯᠬᠤ ᠶᠢᠨ ᠬᠠᠮᠲᠤ ᠳᠤᠯᠤᠭᠠᠶᠢᠯᠠᠭᠤᠯᠤᠭᠰᠠᠨ ᠢᠶᠡᠷ ᠢ ᠯᠢ᠂ ᠳ᠋ᠦᠩ ᠳ᠋ᠠ ᠮᠣᠩᠭᠤᠯ ᠸᠠᠩ᠂ ᠮᠧᠩ ᠼᠤᠤ᠂ ᠾᠧ ᠱᠧᠩ ᠢᠥᠢ ᠯᠢᠨ ᠵᠡᠷᠭᠡ ᠨᠢᠬᠡ ᠪᠦᠯᠦᠭ ᠤᠶᠢᠵᠢᠭᠤᠯᠵᠤ ᠨᠤᠭᠤᠭᠠᠷᠭᠠᠤᠯᠬᠤ ᠠᠵᠤ ᠠᠬᠤᠶᠢᠯᠠᠯ ᠢᠯᠡᠷᠡᠵᠤ᠂ ᠡᠯᠡᠰᠦ ᠶᠢ ᠵᠠᠰᠠᠵᠤ ᠤᠶᠢᠵᠢᠭᠤᠯᠬᠤ ᠰᠢᠨ᠎ᠠ ᠬᠦᠴᠦᠨ ᠪᠤᠯᠤᠭᠰᠠᠨ ᠪᠢᠯᠡ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120701121622201