蒙古文网站Logo
ᠰᠢᠨᠬᠤᠸᠠ ᠮᠤᠩᠭ᠋ᠤᠯ ᠨᠧᠲ

ᠵᠢᠷᠭᠤᠳᠤᠭᠠᠷ ᠬᠤᠭᠤᠴᠠᠭᠠᠨ ᠤ ᠳᠤᠮᠳᠠᠳᠤ ᠤᠷᠤᠰ ᠮᠤᠩᠭᠤᠯ ᠤᠨ ᠠᠮᠳᠠᠳᠤ ᠢᠳᠡᠬᠡᠨ ᠤ ᠰᠤᠶᠤᠯ ᠤᠨ ᠨᠠᠶᠢᠷ ᠤᠨ ᠬᠡᠪᠯᠡᠯ ᠮᠡᠳᠡᠬᠡᠯᠡᠯ ᠤᠨ ᠬᠤᠷᠠᠯ ᠪᠡᠬᠡᠵᠢᠩ ᠳᠤ ᠪᠤᠯᠪᠠ

2017-09-07 15:18

    ᠵᠢᠷᠭᠤᠳᠤᠭᠠᠷ ᠬᠤᠭᠤᠴᠠᠭᠠᠨ ᠤ ᠳᠤᠮᠳᠠᠳᠤ ᠤᠷᠤᠰ ᠮᠤᠩᠭᠤᠯ ᠤᠨ ᠠᠮᠳᠠᠳᠤ ᠢᠳᠡᠬᠡᠨ ᠤ ᠰᠤᠶᠤᠯ ᠤᠨ ᠨᠠᠶᠢᠷ ᠬᠢᠬᠡᠳ ᠠᠩᠬᠠᠳᠤᠭᠠᠷ ᠬᠤᠭᠤᠴᠠᠭᠠᠨ ᠤ ᠤᠯᠠᠭᠠᠨᠴᠠᠪ ᠤᠨ ᠠᠮᠳᠠᠳᠤ ᠢᠳᠡᠬᠡᠨ ᠤ ᠰᠤᠶᠤᠯ ᠤᠨ ᠨᠠᠶᠢᠷ ᠤᠨ ᠬᠡᠪᠯᠡᠯ ᠮᠡᠳᠡᠬᠡᠯᠡᠯ ᠤᠨ ᠬᠤᠷᠠᠯ 9 ᠰᠠᠷ᠎ᠠ ᠶᠢᠨ 6 ᠤ ᠡᠳᠦᠷ ᠪᠡᠬᠡᠵᠢᠩ ᠬᠤᠳᠠ ᠳᠤ ᠪᠤᠯᠪᠠ᠃

    ᠡᠨᠡᠬᠦ ᠠᠵᠢᠯᠯᠠᠭ᠎ᠠ ᠶᠢ ᠳᠤᠮᠳᠠᠳᠤ ᠤᠯᠤᠰ ᠤᠨ ᠡᠪ ᠬᠠᠮᠳᠤ ᠨᠠᠮ ᠤᠨ ᠤᠯᠠᠭᠠᠨᠴᠠᠪ ᠬᠤᠳᠠ ᠶᠢᠨ ᠬᠤᠷᠢᠶ᠎ᠠ᠂ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠡᠴᠡ ᠰᠠᠨᠠᠭᠠᠴᠢᠯᠠᠵᠤ᠂ ᠦᠪᠦᠷ ᠮᠤᠩᠭᠤᠯ ᠤᠨ ᠢᠳᠡᠬᠡᠨ ᠤᠮᠳᠠᠭᠠᠨ ᠪᠠ ᠬᠤᠭᠤᠯᠠᠨ ᠬᠡᠷ ᠤᠨ ᠬᠠᠮᠢᠶᠠᠷᠤᠯᠳᠠ ᠶᠢᠨ ᠨᠡᠶᠢᠬᠡᠮᠯᠢᠭ᠂ ᠤᠯᠠᠭᠠᠨᠴᠠᠪ ᠬᠤᠳᠠ ᠶᠢᠨ ᠢᠳᠡᠬᠡᠨ ᠤᠮᠳᠠᠭᠠᠨ ᠤ ᠬᠠᠮᠢᠶᠠᠷᠤᠯᠳᠠ ᠶᠢᠨ ᠳᠤᠪᠴᠢᠶ᠎ᠠ᠂ ᠤᠯᠠᠭᠠᠨᠴᠠᠪ ᠬᠤᠳᠠ ᠶᠢᠨ ᠵᠠᠷ ᠮᠡᠳᠡᠬᠡᠨ ᠤ ᠳᠤᠪᠴᠢᠶ᠎ᠠ᠂ ᠤᠯᠠᠭᠠᠨᠴᠠᠪ ᠬᠤᠳᠠ ᠶᠢᠨ ᠠᠷᠠᠯᠵᠢᠶ᠎ᠠ ᠬᠤᠳᠠᠯᠳᠤᠭᠠᠨ ᠤ ᠳᠤᠪᠴᠢᠶ᠎ᠠ᠂ ᠤᠯᠠᠭᠠᠨᠴᠠᠪ ᠬᠤᠳᠠ ᠶᠢᠨ ᠰᠤᠶᠤᠯ ᠰᠢᠨ᠎ᠡ ᠵᠠᠭᠤᠴᠢᠯᠠᠭᠤᠷ ᠤᠨ ᠳᠤᠪᠴᠢᠶ᠎ᠠ᠂ ᠤᠯᠠᠭᠠᠨᠴᠠᠪ ᠬᠤᠳᠠ ᠶᠢᠨ ᠳᠠᠷᠢᠶᠠᠯᠠᠩ ᠮᠠᠯ ᠠᠵᠤ ᠠᠬᠤᠢ ᠶᠢᠨ ᠳᠤᠪᠴᠢᠶ᠎ᠠ ᠪᠠ ᠤᠯᠠᠭᠠᠨᠴᠠᠪ ᠬᠤᠳᠠ ᠶᠢᠨ ᠡᠯ᠎ᠡ ᠬᠤᠰᠢᠭᠤ ᠰᠢᠶᠠᠨ ᠤ ᠵᠠᠰᠠᠭ ᠤᠨ ᠤᠷᠳᠤᠨ ᠡᠴᠡ ᠳᠠᠭᠠᠭᠠᠴᠢᠯᠠᠨ ᠵᠤᠬᠢᠶᠠᠨ ᠪᠠᠶᠢᠭᠤᠯᠤᠨ᠎ᠠ᠃

    ᠠᠵᠢᠯᠯᠠᠭ᠎ᠠ ᠨᠢ ᠤᠯᠠᠭᠠᠨᠴᠠᠪ ᠬᠤᠳᠠ ᠶᠢᠨ ᠪᠤᠬᠢᠷᠳᠤᠯ ᠦᠬᠡᠢ ᠬᠦᠳᠡᠬᠡ ᠠᠵᠤ ᠠᠬᠤᠢ ᠶᠢᠨ ᠪᠦᠳᠦᠬᠡᠭᠳᠡᠬᠦᠨ᠂ ᠪᠦᠳᠦᠬᠡᠭᠳᠡᠬᠦᠨ ᠦᠢᠯᠡᠳᠪᠦᠷᠢᠯᠡᠬᠦ ᠤᠷ᠎ᠠ ᠮᠡᠷᠬᠡᠵᠢᠯ ᠢ ᠳᠡᠯᠬᠡᠨ ᠦᠵᠡᠬᠦᠯᠵᠤ᠂ ᠤᠷᠤᠨ ᠨᠤᠳᠤᠭ ᠤᠨ ᠤᠨᠴᠠᠯᠢᠭ ᠲᠠᠢ ᠢᠳᠡᠬᠡᠨ ᠤᠮᠳᠠᠭᠠᠨ ᠢᠶᠡᠷ ᠬᠤᠭᠤᠯᠠ ᠤᠮᠳᠠ ᠶᠢᠨ ᠰᠤᠶᠤᠯ ᠤᠨ ᠠᠵᠤ ᠦᠢᠯᠡᠰ ᠢ ᠬᠦᠭᠵᠢᠬᠦᠯᠵᠤ᠂ ᠴᠢᠨᠠᠭᠰᠢᠯᠠᠨ ᠤᠯᠠᠭᠠᠨᠴᠠᠪ ᠬᠤᠳᠠ ᠶᠢᠨ ᠨᠢᠬᠡᠳᠦᠬᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠬᠦᠭᠵᠢᠯᠳᠡ ᠶᠢ ᠠᠬᠢᠭᠤᠯᠤᠨ᠂ ᠢᠳᠡᠬᠡᠨ ᠤᠮᠳᠠᠭᠠᠨ ᠤ ᠨᠡᠷᠡᠳᠦ ᠳᠡᠮᠳᠡᠭ ᠤᠨ ᠳᠠᠪᠠᠭᠤᠯᠢᠭ ᠢᠶᠡᠨ ᠪᠠᠳᠠᠷᠠᠭᠤᠯᠵᠤ᠂ ᠤᠨᠴᠠᠯᠢᠭᠳᠤ ᠢᠳᠡᠬᠡᠨ ᠤᠮᠳᠠᠭᠠᠨ ᠢ ᠤᠯᠠᠭᠠᠨᠴᠠᠪ ᠬᠤᠳᠠ ᠶᠢᠨ ᠨᠡᠷ᠎ᠡ ᠶᠢᠨ ᠬᠠᠭᠤᠳᠠᠰᠤ ᠪᠤᠯᠭᠠᠬᠤ ᠡᠬᠦᠳᠡᠨ ᠡᠴᠡ ᠵᠤᠬᠢᠶᠠᠨ ᠪᠠᠶᠢᠭᠤᠯᠤᠭᠳᠠᠬᠤ ᠪᠤᠯᠤᠨ᠎ᠠ᠃

    ᠦᠪᠦᠷ ᠮᠤᠩᠭᠤᠯ ᠤᠨ ᠴᠠᠬᠠᠷ ᠰᠤᠶᠤᠯ ᠤᠨ ᠨᠡᠶᠢᠬᠡᠮᠯᠢᠭ ᠤᠨ ᠳᠡᠳ᠋ ᠳᠠᠷᠤᠭ᠎ᠠ᠂ ᠴᠠᠬᠠᠷ ᠰᠤᠶᠤᠯ ᠤᠨ ᠨᠡᠶᠢᠬᠡᠮᠯᠢᠭ ᠤᠨ ᠠᠬᠠᠯᠠᠭᠴᠢ ᠡᠷᠳᠡᠮᠳᠡᠨ᠂ ᠴᠠᠬᠠᠷ ᠰᠤᠶᠤᠯ ᠤᠨ ᠨᠡᠶᠢᠬᠡᠮᠯᠢᠭ ᠤᠨ ᠰᠤᠳᠤᠯᠭᠠᠨ ᠤ ᠵᠦᠪᠯᠡᠯ ᠤᠨ ᠪᠠᠶᠢᠩᠭᠤ ᠶᠢᠨ ᠳᠡᠳ᠋ ᠡᠷᠬᠢᠯᠡᠭᠴᠢ ᠭᠠᠩᠳᠡᠮᠦᠷ ᠰᠤᠷᠪᠤᠯᠵᠢᠯᠠᠭ᠎ᠠ ᠬᠦᠯᠢᠶᠡᠬᠦ ᠳ᠋ᠡᠬᠡᠨ᠄《ᠡᠨᠡ ᠤᠳᠠᠭᠠᠨ ᠤ ᠠᠵᠢᠯᠯᠠᠭ᠎ᠠ ᠶᠢ ᠤᠯᠠᠭᠠᠨᠴᠠᠪ ᠬᠤᠳᠠ ᠡᠴᠡ ᠰᠠᠨᠠᠭᠠᠴᠢᠯᠠᠨ ᠵᠤᠬᠢᠶᠠᠨ ᠪᠠᠶᠢᠭᠤᠯᠵᠤ ᠪᠠᠶᠢᠭ᠎ᠠ ᠤᠴᠢᠷ ᠡᠴᠡ ᠮᠤᠩᠭᠤᠯ ᠢᠳᠡᠬᠡᠨ ᠶᠠᠷᠢᠶᠠᠨ ᠦᠬᠡᠢ ᠭᠤᠤᠯ ᠪᠠᠶᠢᠷᠢᠨ ᠳᠤ ᠤᠷᠤᠬᠤ ᠪᠤᠯᠤᠨ᠎ᠠ᠃ ᠶᠡᠷᠦᠨᠢ ᠮᠠᠨ ᠤ ᠮᠤᠩᠭᠤᠯ ᠤᠯᠠᠮᠵᠢᠯᠠᠯᠳᠤ ᠢᠳᠡᠬᠡᠨ ᠤᠮᠳᠠᠭᠠᠨ ᠨᠢ ᠴᠤᠯ ᠪᠠᠶᠢᠭᠠᠯᠢᠯᠢᠭ ᠤᠷᠭᠠᠨᠢᠭ ᠢᠳᠡᠬᠡᠨ ᠤᠮᠳᠠᠭᠠᠨ ᠢᠶᠡᠷ ᠠᠯᠳᠠᠷᠰᠢᠭᠰᠠᠨ ᠪᠢᠯᠡ᠃ ᠡᠨᠡ ᠨᠢ ᠮᠠᠨ ᠤ ᠮᠤᠩᠭᠤᠯ ᠢᠳᠡᠬᠡᠨ ᠤᠮᠳᠠᠭᠠᠨ ᠤ ᠰᠤᠶᠤᠯ ᠤᠨ ᠳᠡᠯᠡᠬᠡᠶᠢᠵᠢᠯᠡᠯᠳᠡ ᠳᠤ ᠮᠠᠰᠢ ᠶᠡᠬᠡ ᠠᠰᠢᠭᠳᠠᠢ᠃ ᠳᠤᠰ ᠤᠳᠠᠭᠠᠨ ᠤ ᠨᠠᠶᠢᠷ ᠢᠶᠡᠷ ᠳᠠᠮᠵᠢᠭᠤᠯᠤᠨ ᠪᠢᠳᠡ ᠮᠤᠩᠭᠤᠯ ᠢᠳᠡᠬᠡᠨ ᠤᠮᠳᠠᠭᠠᠨ ᠢᠶᠡᠨ ᠰᠤᠷᠳᠠᠯᠴᠢᠯᠠᠬᠤ ᠪᠡᠷ ᠪᠠᠷᠠᠬᠤ ᠦᠬᠡᠢ ᠴᠢᠨᠠᠷ ᠴᠢᠨᠰᠠᠭ᠎ᠠ ᠶᠢ ᠨᠢ ᠤᠯᠠᠮ ᠰᠠᠶᠢᠵᠢᠷᠠᠭᠤᠯᠵᠤ᠂ ᠮᠤᠩᠭᠤᠯᠴᠤᠳ ᠤᠨ ᠢᠶᠡᠨ ᠡᠳ᠋ ᠤᠨ ᠵᠠᠰᠠᠭ ᠤᠨ ᠤᠷᠤᠯᠭ᠎ᠠ ᠶᠢ ᠨᠡᠮᠡᠭᠳᠡᠬᠦᠯᠬᠦ ᠪᠡᠷ ᠴᠢᠷᠮᠠᠶᠢᠵᠤ ᠪᠠᠶᠢᠨ᠎ᠠ》ᠬᠡᠵᠡᠢ᠃

ᠢᠷᠡᠯᠳᠡ᠄ ᠳᠦᠪ ᠲᠧᠯᠧᠶ᠋ᠰ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120701121623834