蒙古文网站Logo
ᠰᠢᠨᠬᠤᠸᠠ ᠮᠤᠩᠭ᠋ᠤᠯ ᠨᠧᠲ

ᠭᠠᠨᠵᠤᠭ᠎ᠠ ᠲᠦᠭᠦᠷᠡᠡᠭ ᠨᠢᠬᠡᠨ ᠵᠢᠷᠠᠨ ᠶᠢᠡᠨ ᠤᠬᠳᠤᠬᠰᠠᠨ ᠦᠪᠦᠷ ᠮᠤᠩᠭ᠋᠋ᠤᠯ ᠤᠨ ᠶᠡᠬᠡ ᠰᠤᠷᠭᠠᠭᠤᠯᠢ 

2017-09-08 17:34

    ᠰᠢᠨᠬᠤᠸᠠ ᠮᠤᠩᠭ᠋᠋ᠤᠯ ᠨᠧᠲ   ᠬᠦᠬᠡᠬᠤᠳᠠ ᠶᠢᠨ 9 ᠰᠠᠷ᠎ᠠ ᠶᠢᠨ 8 ᠤ ᠡᠳᠤᠷ ᠤᠨ ᠴᠠᠬᠢᠯᠭᠠᠨ ᠮᠡᠳᠡᠬᠡ (ᠪᠠᠢ ᠯᠢᠩ ᠳ᠋ᠢ ᠰᠤᠷᠤᠶ᠎ᠠ) ᠦᠪᠦᠷ ᠮᠤᠩᠭ᠋᠋ᠤᠯ ᠤᠨ ᠦᠪᠡᠷᠳᠡᠭᠡᠨ ᠵᠠᠰᠠᠬᠤ ᠤᠷᠤᠨ ᠪᠠᠢᠢᠭᠤᠯᠤᠬᠳᠠᠬᠰᠠᠨ 10 ᠵᠢᠯ ᠤᠨ ᠤᠢ  ᠳᠤ ᠲᠤᠮᠤᠬᠠᠨ ᠪᠡᠯᠡᠭ ᠪᠤᠯᠵᠦ ᠡᠷᠦᠬᠡ ᠪᠠᠨ ᠰᠡᠭᠦᠭ᠍ᠰᠡᠨ ᠦᠪᠦᠷ ᠮᠤᠩᠭ᠋᠋ᠤᠯ ᠤᠨ ᠶᠡᠬᠡ ᠰᠤᠷᠭᠠᠭᠤᠯᠢ 2017 ᠤᠨ ᠤ 9 ᠰᠠᠷ᠎ᠠ ᠶᠢᠨ 7 ᠤ ᠡᠳᠤᠷ 60 ᠵᠢᠯ ᠤᠨ ᠤᠢ  ᠪᠡᠨ ᠦᠪᠡᠳᠡᠭᠰᠢ ᠶᠡᠬᠡ ᠪᠡᠷ ᠲᠡᠮᠳᠡᠭᠯᠡᠵᠦ᠂ ᠨᠢᠭᠡᠨ ᠵᠢᠷᠠᠨ ᠤ ᠲᠤᠷᠰᠢᠬᠢ ᠬᠢᠯᠠᠯᠵᠠᠭᠰᠠᠨ ᠠᠮᠵᠢᠯᠳᠠ ᠲᠤᠪᠤᠢᠢᠮ᠎᠎ᠠ ᠪᠦᠲᠦᠮᠵᠢ ᠪᠡᠨ ᠶᠢᠷᠳᠢᠨᠴᠦ ᠶᠢᠨ ᠴᠢᠬᠢᠨ᠎ᠠ ᠲᠠᠭᠤᠷᠢᠰᠤᠭᠤᠯᠤᠨ ᠮᠠᠷᠳᠠᠵᠤ ᠪᠤᠯᠤᠰᠢ ᠦᠭᠡᠢ ᠰᠤᠶᠤᠯ ᠤᠨ ᠲᠠᠷᠬᠠᠨ ᠦᠯᠦᠭᠡᠢ ᠭᠡᠳᠡᠭ ᠢᠶᠡᠨ ᠬᠦᠮᠦᠰ ᠤᠨ ᠰᠡᠳᠬᠢᠯ ᠳ᠋ᠦ ᠬᠠᠳᠠᠡᠭ᠍ᠰᠢᠭᠤᠯᠪᠠ᠃

    ᠵᠢᠷᠠᠨ ᠵᠢᠯ ᠤᠨ ᠲᠤᠷᠰᠢ᠂ ᠦᠪᠦᠷ ᠮᠤᠩᠭ᠋᠋ᠤᠯ ᠤᠨ ᠶᠡᠬᠡ ᠰᠤᠷᠭᠠᠭᠤᠯᠢ ᠲᠤᠮᠳᠠᠳᠤ ᠤᠯᠤᠰ ᠤᠨ ᠢᠨᠵᠧᠨᠧᠷᠢᠩ ᠤᠨ ᠠᠺᠠᠳ᠋ᠧᠮᠢ ᠶᠢᠨ ᠠᠺᠠᠳᠧᠮᠢᠴᠢ ᠰᠢᠭᠤᠷᠬ᠋ᠠᠨ ᠵᠡᠷᠬᠡ 13 ᠲᠦᠮᠡ ᠭᠠᠷᠤᠢ ᠲᠡᠭᠡᠳᠤ ᠲᠦᠪᠰᠢᠨ ᠤ ᠴᠢᠳᠠᠪᠤᠷᠢᠳᠡᠨ  ᠬᠦᠮᠦᠵᠢᠬᠦᠯᠵᠤ᠂ ᠤᠯᠤᠰ ᠪᠤᠯᠤᠨ ᠦᠪᠦᠷ ᠮᠤᠩᠭ᠋᠋ᠤᠯ ᠤᠨ ᠦᠪᠡᠷᠳᠡᠬᠡᠨ ᠵᠠᠰᠠᠬᠤ ᠤᠷᠤᠨ ᠤ ᠬᠦᠭ᠍ᠵᠢᠨ ᠪᠤᠵᠠᠭᠠᠶᠢᠷᠠᠯᠳᠠ᠂ ᠦᠨᠳᠦᠰᠦᠳᠡᠨ ᠤ ᠪᠦᠯᠬᠦᠮᠳᠡᠯ ᠳᠠᠪᠰᠢᠯᠳᠠ ᠳᠤ ᠴᠢᠬᠤᠯᠠ ᠬᠤᠪᠢ ᠨᠡᠮᠡᠷᠢ ᠦᠵᠡᠬᠦᠯᠵᠡᠢ᠃

    ᠵᠢᠷᠠᠨ ᠵᠢᠯ ᠤᠨ ᠬᠦᠭ᠍ᠵᠢᠯᠳᠡ ᠪᠠᠷ ᠦᠪᠦᠷ ᠮᠤᠩᠭ᠋᠋ᠤᠯ ᠤᠨ ᠶᠡᠬᠡ ᠰᠤᠷᠭᠠᠭᠤᠯᠢ ᠶᠢᠨ ᠰᠢᠨᠵᠢᠯᠡᠬᠡᠨ ᠤ ᠰᠢᠰᠲ᠋ᠧᠮ ᠪᠦᠷᠢᠨ ᠪᠤᠰᠤ᠂ ᠤᠨᠴᠠᠯᠢᠬ ᠨᠢ ᠢᠯᠡ ᠪᠢᠰᠢ ᠪᠠᠢᠢᠬᠰᠠᠨ ᠡᠴᠡ ᠪᠡᠨ ᠪᠦᠷᠢᠨ ᠲᠡᠭᠦᠯᠳᠡᠷ᠂ ᠢᠯᠡ ᠲᠤᠳᠤ ᠤᠨᠴᠠᠯᠢᠬ ᠲᠠᠢ᠂ ᠲᠠᠪᠠᠭᠤᠯᠢᠬ ᠪᠠᠢᠢᠷᠢ ᠲᠠᠢ ᠪᠤᠯᠵᠦ᠂ ᠤᠯᠤᠰ ᠪᠤᠯᠤᠨ ᠦᠪᠡᠷᠳᠡᠬᠡᠨ ᠵᠠᠰᠠᠬᠤ ᠤᠷᠤᠨ ᠤ ᠴᠢᠬᠤᠯᠠ ᠰᠢᠨᠵᠢᠯᠡᠬᠡᠨ ᠤ ᠰᠠᠯᠪᠤᠷᠢ ᠪᠤᠯᠤᠨ ᠴᠢᠬᠤᠯᠠ ᠬᠦᠮᠦᠵᠢᠬᠦᠯᠬᠦ ᠰᠢᠨᠵᠢᠯᠡᠬᠡᠨ ᠤ ᠰᠠᠯᠪᠤᠷᠢ ᠨᠢ ᠨᠡᠮᠡᠭᠳᠡᠭᠡᠳ 29 ᠪᠤᠯᠵᠤ᠂ ᠮᠤᠩᠭ᠋᠋ᠤᠯ ᠰᠤᠳᠤᠯᠤᠯ ᠪᠤᠯᠤᠨ ᠠᠮᠢᠳᠤ ᠪᠤᠳᠠᠰ ᠵᠡᠷᠬᠡ ᠰᠢᠨᠵᠢᠯᠡᠬᠡᠨ ᠤ ᠰᠠᠯᠪᠤᠷᠢ ᠨᠢ ᠤᠯᠤᠰ ᠤᠨ ᠲᠤᠳᠤᠭᠠᠳᠤ ᠭᠠᠳᠠᠭᠠᠳᠤ ᠳᠤ ᠨᠡᠷ᠎ᠡ ᠠᠯᠳᠠᠷᠰᠢᠵᠠᠢ᠃ ᠡᠬᠦᠨ ᠤ ᠲᠠᠭᠠᠤ ᠤᠯᠤᠰ ᠤᠨ ᠲᠤᠮᠳᠠᠳᠤ ᠪᠠᠷᠠᠭᠤᠨ ᠪᠦᠰᠡ ᠨᠤᠳᠤᠭ ᠤᠨ ᠶᠡᠬᠡ ᠰᠤᠷᠭᠠᠭᠤᠯᠢ ᠨᠤᠭᠤᠳ ᠤᠨ ᠪᠤᠳᠠᠳᠤ ᠬᠦᠴᠦᠨ ᠢ ᠲᠡᠭᠡᠭ᠍ᠰᠢᠯᠡᠬᠦᠯᠬᠦ ᠳᠦᠰᠦᠯ ᠤᠨ ᠡᠬᠢᠨ ᠤ ᠡᠬᠡᠯᠵᠢ ᠶᠢᠨ ᠪᠠᠶᠢᠭᠤᠯᠤᠯᠳᠠ ᠪᠡᠷ ᠳᠠᠮᠵᠢᠨ᠂《ᠲᠠᠯ᠎ᠠ ᠨᠤᠳᠤᠭ ᠤᠨ ᠠᠮᠢ ᠠᠬᠤᠢ ᠪᠤᠯᠤᠨ ᠬᠦᠳᠡᠬᠡ ᠠᠵᠤ ᠠᠬᠤᠢ ᠠᠮᠢᠳᠤ ᠪᠤᠳᠠᠰ ᠤᠨ ᠮᠡᠷᠬᠡᠵᠢᠯ》᠂《ᠮᠤᠩᠭ᠋᠋ᠤᠯ ᠰᠤᠳᠤᠯᠤᠯ ᠪᠤᠯᠤᠨ ᠦᠪᠦᠷ ᠮᠤᠩᠭ᠋᠋ᠤᠯ ᠤᠨ ᠴᠦᠬᠡᠨ ᠲᠤᠭᠠᠳᠤ ᠦᠨᠳᠦᠰᠦᠳᠡᠨ ᠤ ᠬᠦᠭ᠍ᠵᠢᠯᠳᠡ》᠂《ᠦᠪᠦᠷ ᠮᠤᠩᠭ᠋᠋ᠤᠯ ᠤᠨ ᠡᠬᠢ ᠪᠠᠶᠠᠯᠢᠭ ᠤᠨ ᠦᠨᠳᠤᠷ ᠠᠰᠢᠭᠯᠠᠯᠳᠠ ᠪᠤᠯᠤᠨ ᠪᠠᠶᠢᠭᠠᠯᠢ ᠤᠷᠴᠢᠨ ᠤ ᠬᠠᠮᠠᠭᠠᠯᠠᠯᠳᠠ》 ᠵᠡᠷᠬᠡ 4 ᠲᠦᠷᠦᠯ ᠤᠨ ᠰᠤᠯᠪᠢᠴᠠᠭᠰᠠᠨ ᠰᠢᠨᠵᠢᠯᠡᠬᠡ ᠲᠤᠪᠤᠶᠢᠮ᠎ᠠ ᠬᠦᠭ᠍ᠵᠢᠭ᠍ᠰᠠᠨ ᠪᠢᠯᠡ᠃ ᠦᠪᠦᠷ ᠮᠤᠩᠭ᠋᠋ᠤᠯ ᠤᠨ ᠶᠡᠬᠡ ᠰᠤᠷᠭᠠᠭᠤᠯᠢ ᠶᠢᠨ ᠵᠠᠬᠢᠷᠤᠯ ᠴᠧᠨ ᠭᠦᠧᠧ ᠴᠢᠩ ᠤᠨ ᠲᠠᠨᠢᠯᠴᠠᠭᠤᠯᠤᠬᠰᠠᠨ ᠢᠶᠡᠷ᠂ ᠦᠪᠦᠷ ᠮᠤᠩᠭ᠋᠋ᠤᠯ ᠤᠨ ᠶᠡᠬᠡ ᠰᠤᠷᠭᠠᠭᠤᠯᠢ ᠲᠡᠭᠡᠳᠤ ᠲᠦᠪᠰᠢᠨ ᠤ ᠪᠤᠯᠪᠠᠰᠤᠨ ᠬᠦᠴᠦᠨ ᠢ ᠬᠦᠮᠤᠵᠢᠬᠦᠯᠬᠦ᠂ ᠲᠡᠷᠢᠬᠦᠨ ᠤ ᠰᠢᠨᠵᠢᠯᠡᠬᠡᠨ ᠤ ᠪᠠᠶᠢᠭᠤᠯᠤᠯᠳᠠ᠂ ᠰᠢᠨᠵᠢᠯᠡᠬᠦ ᠤᠬᠠᠭᠠᠨ ᠰᠤᠳᠤᠯᠭᠠᠨ ᠤ ᠰᠢᠨ᠎ᠡ ᠡᠬᠦᠳᠦᠯᠳᠡ ᠶᠢᠨ ᠴᠢᠳᠠᠪᠤᠷᠢ ᠪᠠᠨ ᠲᠡᠭᠡᠭ᠍ᠰᠢᠯᠡᠬᠦᠯᠬᠦ ᠵᠡᠷᠬᠡ ᠶᠢ ᠪᠠᠭᠳᠠᠭᠠᠭᠰᠠᠨ 6 ᠲᠤᠮᠤ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠦᠨ ᠦᠪᠦᠷ ᠮᠤᠩᠭ᠋᠋ᠤᠯ ᠤᠨ ᠶᠡᠬᠡ ᠰᠤᠷᠭᠠᠭᠤᠯᠢ ᠪᠠᠨ ᠤᠮᠠᠷᠠᠳᠤ ᠪᠦᠰᠡ ᠶᠢᠨ ᠪᠤᠯᠪᠠᠰᠤᠨ ᠬᠦᠴᠦᠨ ᠤ ᠢᠯᠡᠷᠡᠬᠦᠯᠦᠯᠳᠡ ᠪᠤᠯᠤᠨ ᠰᠢᠨᠵᠢᠯᠡᠬᠦ ᠤᠬᠠᠭᠠᠨ ᠲᠧᠭᠨᠤᠯᠤᠬᠢ ᠶᠢᠨ ᠰᠢᠨ᠎ᠡ ᠡᠬᠦᠳᠦᠯᠳᠡ ᠶᠢᠨ ᠴᠢᠬᠤᠯᠠ ᠬᠦᠴᠦᠨ᠂ ᠡᠯ᠎ᠡ ᠦᠨᠳᠦᠰᠦᠳᠡᠨ ᠤ ᠲᠡᠭᠡᠳᠤ ᠲᠦᠪᠰᠢᠨ ᠤ ᠪᠤᠯᠪᠠᠰᠤᠨ ᠬᠦᠴᠦᠨ ᠢ ᠬᠦᠮᠦᠵᠢᠬᠦᠯᠬᠦ ᠴᠢᠬᠤᠯᠠ ᠰᠠᠭᠤᠷᠢᠨ ᠪᠤᠯᠭᠠᠨ ᠪᠠᠶᠢᠭᠤᠯᠬᠤ ᠪᠡᠷ ᠬᠦᠴᠦᠯᠡᠨ ᠴᠢᠷᠮᠠᠶᠢᠵᠤ ᠪᠠᠶᠢᠨ᠎ᠠ᠃

    ᠦᠪᠦᠷ ᠮᠤᠩᠭ᠋᠋ᠤᠯ ᠤᠨ ᠶᠡᠬᠡ ᠰᠤᠷᠭᠠᠭᠤᠯᠢ 1957 ᠤᠨ ᠳᠤ ᠪᠠᠶᠢᠭᠤᠯᠤᠭᠳᠠᠭᠰᠠᠨ ᠢᠶᠡᠷ ᠢᠶᠡᠨ ᠰᠢᠨ᠎ᠡ ᠲᠤᠮᠳᠠᠳᠤ ᠤᠯᠤᠰ ᠪᠠᠶᠢᠭᠤᠯᠤᠭᠳᠠᠭᠰᠠᠨ ᠤ ᠲᠠᠷᠠᠭᠠᠬᠢ ᠨᠠᠮ ᠪᠤᠯᠤᠨ ᠤᠯᠤᠰ ᠡᠴᠡ ᠴᠦᠬᠡᠨ ᠲᠤᠭᠠᠳᠤ ᠦᠨᠳᠦᠰᠦᠳᠡᠨ ᠤ ᠭᠠᠵᠠᠷ ᠤᠷᠤᠨ ᠳᠤ ᠪᠠᠶᠢᠭᠤᠯᠤᠭᠰᠠᠨ ᠠᠩᠬᠠᠨ ᠤ ᠶᠡᠷᠦᠩᠬᠡᠶᠢᠯᠡᠭᠰᠡᠨ ᠶᠡᠬᠡ ᠰᠤᠷᠭᠠᠭᠤᠯᠢ ᠪᠤᠯᠤᠬᠰᠠᠨ ᠶᠤᠮ᠃ ᠨᠢᠭᠡᠨ ᠵᠢᠷᠡᠨ ᠢ ᠲᠤᠭᠤᠯᠤᠨ ᠲᠤᠰ ᠰᠤᠷᠭᠠᠭᠤᠯᠢ ᠤᠷᠢᠳ ᠬᠤᠵᠢᠳ ᠤᠯᠤᠰ ᠲᠠᠶᠠᠭᠠᠷ ᠤᠨ ᠴᠢᠬᠤᠯᠠ ᠶᠡᠬᠡ ᠳᠡᠬᠡᠳᠦ ᠰᠤᠷᠭᠠᠭᠤᠯᠢ ᠶᠢᠨ ᠡᠩᠨᠡᠭᠡᠨ ᠳᠤ ᠵᠢᠬᠰᠠᠭᠠᠭᠳᠠᠵᠤ᠂《211 ᠢᠨᠵᠧᠨᠧᠷᠢᠩ》 ᠤᠨ ᠴᠢᠬᠤᠯᠠ ᠪᠦᠲᠦᠭᠡᠨ ᠪᠠᠶᠢᠭᠤᠯᠤᠯᠳᠠ ᠶᠢᠨ ᠰᠤᠷᠭᠠᠭᠤᠯᠢ ᠪᠤᠯᠪᠠ᠃

    ᠦᠪᠦᠷ ᠮᠤᠩᠭ᠋᠋ᠤᠯ ᠤᠨ ᠶᠡᠬᠡ ᠰᠤᠷᠭᠠᠭᠤᠯᠢ ᠤᠳᠤᠬᠠᠨ ᠳᠤ ᠰᠤᠷᠭᠠᠭᠤᠯᠢ ᠳᠤ ᠰᠠᠭᠤᠭ᠎ᠠ ᠦᠨᠳᠦᠰᠦᠨ ᠠᠩᠭᠢ᠂ ᠠᠰᠫᠢᠷᠠᠨᠲ᠂ ᠳ᠋ᠤᠺᠲ᠋ᠷᠠᠨᠲ ᠢ ᠪᠠᠭᠳᠠᠭᠠᠭᠠᠳ ᠨᠡᠶᠢᠳᠡ 30305 ᠰᠤᠷᠤᠭᠴᠢ ᠲᠠᠢ ᠪᠤᠯᠵᠤ᠂ ᠡᠬᠦᠨ ᠤ ᠲᠤᠳᠤᠷ᠎ᠠ ᠮᠤᠩᠭ᠋᠋ᠤᠯ᠂ ᠲᠠᠭᠤᠷ᠂ ᠡᠧᠨᠩᠬᠢ᠂ ᠤᠷᠴᠤᠨ ᠵᠡᠷᠬᠡ ᠴᠦᠬᠡᠨ ᠲᠤᠭᠠᠳᠤ ᠦᠨᠳᠤᠰᠦᠳᠡᠨ ᠤ ᠰᠤᠷᠤᠭᠴᠢ 35% ᠶᠢ ᠡᠵᠡᠯᠡᠵᠤ ᠪᠤᠢ᠃ ᠲᠤᠰ ᠰᠤᠷᠭᠠᠭᠤᠯᠢ ᠳᠤ ᠨᠡᠶᠢᠳᠡ 2836 ᠪᠠᠭᠰᠢ ᠠᠵᠢᠯᠳᠠᠨ ᠲᠠᠢ᠂ ᠡᠬᠦᠨ ᠳᠤ ᠰᠤᠷᠭᠠᠨ ᠬᠦᠮᠦᠵᠢᠯ ᠤᠨ ᠶᠠᠮᠤᠨ ᠤ 《 ᠴᠠᠩ ᠵᠢᠶᠠᠩ ᠨᠡᠷᠡᠮᠵᠢᠲᠤ ᠡᠷᠳᠡᠮᠳᠡᠨ ᠤ ᠱᠠᠩᠨᠠᠯ ᠤᠨ ᠲᠦᠰᠦᠯ》  ᠤ᠋ᠨ ᠤᠨᠴᠠ ᠤᠷᠢᠭᠰᠠᠨ ᠫᠷᠤᠹᠧᠰᠰᠤᠷ 2 ᠨᠡᠷ᠎ᠡ᠂ 《ᠴᠠᠩ ᠵᠢᠶᠠᠩ ᠨᠡᠷᠡᠮᠵᠢᠲᠤ ᠡᠷᠳᠡᠮᠳᠡᠨ ᠪᠤᠯᠤᠨ ᠰᠢᠨ᠎ᠡ ᠶᠢ ᠡᠬᠦᠳᠬᠦ ᠪᠠᠭ ᠤᠨ ᠬᠦᠭ᠍ᠵᠢᠯᠳᠡ ᠶᠢᠨ ᠲᠦᠰᠦᠯ》 ᠤ᠋ᠨ ᠰᠤᠳᠤᠯᠭᠠᠨ ᠤ ᠪᠠᠭ 2᠂ ᠤᠯᠤᠰ ᠤᠨ 《 ᠵᠠᠭᠤ ᠮᠢᠩᠭ᠎ᠠ ᠲᠦᠮᠡᠨ ᠴᠢᠳᠠᠪᠤᠷᠢᠳᠠᠨ ᠤ ᠢᠨᠵᠧᠨᠧᠷᠢᠩ》 ᠳᠤ 5 ᠬᠦᠮᠦᠨ᠂ ᠤᠯᠤᠰ ᠤᠨ ᠵᠡᠷᠬᠡᠯᠡᠯ ᠤᠨ ᠰᠢᠯᠢᠳᠡᠭ ᠪᠠᠭᠰᠢ ᠶᠢᠨ ᠱᠠᠩᠨᠠᠯᠳᠤ ᠪᠠᠭᠰᠢ 3 ᠨᠡᠷ᠎ᠡ᠂ ᠲᠦᠷᠦ ᠶᠢᠨ ᠶᠠᠪᠤᠳᠠᠯ ᠤᠨ ᠬᠤᠷᠢᠶᠠᠨ ᠤ ᠲᠤᠰᠬᠠᠢ ᠨᠦᠬᠦᠪᠦᠷᠢ ᠬᠦᠷᠳᠡᠭᠰᠡᠨ ᠲᠤᠰᠬᠠᠢ ᠮᠡᠷᠭᠡᠵᠢᠯᠳᠡᠨ 59 ᠬᠦᠮᠦᠨ᠂ ᠦᠪᠦᠷ ᠮᠤᠩᠭ᠋᠋ᠤᠯ ᠤᠨ ᠦᠪᠡᠷᠳᠡᠬᠡᠨ ᠵᠠᠰᠠᠬᠤ ᠤᠷᠤᠨ ᠤ 《 ᠲᠠᠯ᠎ᠠ ᠨᠤᠳᠤᠭ ᠤᠨ ᠰᠢᠯᠢᠳᠡᠭ ᠴᠢᠳᠠᠪᠦᠷᠢᠳᠡᠨ ᠤ ᠢᠨᠵᠧᠨᠧᠷᠢᠩ》 ᠳᠤ 99 ᠬᠦᠮᠦᠨ ᠰᠢᠯᠭᠠᠷᠠᠨ ᠭᠠᠷᠤᠭᠰᠠᠨ ᠵᠡᠷᠬᠡ ᠪᠡᠷ ᠥᠪᠡᠷᠲᠡᠭᠡᠨ ᠵᠠᠰᠠᠬᠤ ᠤᠷᠤᠨ ᠪᠤᠯᠤᠨ ᠤᠯᠤᠰ ᠳᠠᠶᠠᠭᠠᠷ ᠲᠤ ᠠᠯᠳᠠᠷ ᠶᠢᠡᠨ ᠳᠠᠭᠤᠷᠢᠰᠬᠠᠵᠤ᠂ ᠵᠢᠭᠠᠨ ᠰᠤᠷᠭᠠᠯᠳᠠ ᠰᠢᠨᠵᠢᠯᠡᠬᠦ ᠤᠬᠠᠭᠠᠨ ᠤ ᠰᠤᠳᠤᠯᠭᠠᠨ ᠳ᠋ᠦ ᠮᠠᠰᠢ ᠤᠯᠠᠨ ᠲᠤᠪᠤᠢᠢᠮ᠎ᠠ ᠠᠮᠵᠢᠯᠳᠠ ᠭᠠᠷᠭᠠᠬᠰᠠᠨ ᠪᠠᠶᠢᠨ᠎ᠠ᠃

    ᠵᠢᠷᠠᠨ ᠵᠢᠯ ᠤᠨ ᠲᠤᠷᠰᠢ ᠦᠪᠦᠷ ᠮᠤᠩᠭ᠋᠋ᠤᠯ ᠤᠨ ᠶᠡᠬᠡ ᠰᠤᠷᠭᠠᠭᠤᠯᠢ ᠦᠪᠦᠷ ᠮᠤᠩᠭ᠋᠋ᠤᠯ ᠤᠷᠤᠨ ᠤ ᠰᠤᠶᠤᠯ ᠢ ᠬᠦᠭ᠍ᠵᠢᠬᠦᠯᠬᠦ ᠪᠠ ᠴᠦᠬᠡᠨ ᠲᠤᠭᠠᠳᠤ ᠦᠨᠳᠦᠰᠦᠳᠡᠨ ᠤ ᠴᠢᠳᠠᠪᠤᠷᠢᠳᠡᠨ ᠬᠦᠮᠦᠵᠢᠬᠦᠯᠬᠦ《 ᠬᠤᠤᠰ ᠬᠦᠨᠳᠤ ᠡᠬᠦᠷᠬᠡ》ᠪᠦᠬᠦᠢ ᠰᠤᠷᠭᠠᠭᠤᠯᠢ ᠡᠷᠬᠢᠯᠡᠬᠦ ᠦᠨᠳᠦᠰᠦᠨ ᠴᠢᠭᠯᠡᠯᠳᠡ ᠶᠢ ᠪᠠᠷᠢᠮᠳᠠᠯᠠᠨ᠂ ᠡᠬᠡ ᠤᠯᠤᠰ ᠤᠨ ᠤᠮᠠᠷᠠᠳᠤ ᠬᠢᠯᠢ ᠶᠢᠨ ᠲᠡᠭᠡᠳᠤ ᠲᠦᠪᠰᠢᠨ ᠤ ᠪᠤᠯᠪᠠᠰᠤᠨ ᠬᠦᠴᠦᠨ ᠬᠦᠮᠦᠵᠢᠬᠦᠯᠬᠦ᠂ ᠲᠡᠭᠡᠳᠤ ᠲᠦᠪᠰᠢᠨ ᠤ ᠰᠢᠨᠵᠢᠯᠡᠬᠦ ᠤᠬᠠᠭᠠᠨ ᠲᠧᠭᠨᠤᠯᠤᠬᠢ  ᠰᠤᠳᠤᠯᠬᠤ᠂ ᠰᠢᠯᠢᠳᠡᠭ ᠦᠷ᠎ᠡ ᠪᠦᠲᠦᠮᠵᠢ ᠭᠠᠷᠭᠠᠬᠤ᠂ ᠲᠡᠬᠡᠳᠤ ᠲᠦᠪᠰᠢᠨ ᠤ ᠲᠦᠷᠦ ᠶᠢᠨ ᠪᠤᠳᠤᠯᠭ᠎ᠠ ᠳᠤ ᠯᠠᠪᠯᠠᠯᠳᠠ ᠬᠠᠩᠭ᠋᠋ᠠᠬᠤ ᠪᠤᠯᠤᠨ ᠰᠤᠶᠤᠯ ᠢ ᠤᠯᠠᠮᠵᠢᠯᠠᠨ ᠰᠢᠨ᠎ᠡ ᠶᠢ ᠡᠬᠦᠳᠬᠦ ᠴᠢᠬᠤᠯᠠ ᠰᠠᠭᠤᠷᠢᠨ ᠪᠤᠯᠵᠠᠢ᠃ ᠲᠤᠰ ᠰᠤᠷᠭᠠᠭᠤᠯᠢ ᠶᠢᠨ ᠨᠡᠶᠢᠬᠡᠮ ᠳᠤ ᠦᠢᠯᠡᠴᠢᠯᠡᠬᠦ ᠴᠢᠳᠠᠪᠬᠢ ᠢᠯᠡᠷᠬᠡᠢ ᠲᠡᠭᠦᠯᠳᠡᠷᠵᠢᠵᠤ᠂ ᠤᠳᠤᠬᠠᠨ ᠤ ᠬᠦᠳᠡᠬᠡ ᠠᠵᠤ ᠠᠬᠤᠢ᠂ ᠠᠮᠢ ᠠᠬᠤᠢ ᠶᠢᠨ ᠤᠷᠴᠢᠨ ᠤ ᠪᠠᠶᠢᠭᠤᠯᠤᠯᠳᠠ᠂ ᠡᠷᠴᠢᠮ ᠬᠦᠴᠦ ᠪᠤᠯᠤᠨ ᠰᠢᠨ᠎ᠡ ᠮᠠᠲ᠋ᠧᠷᠢᠶᠠᠯ᠂ ᠠᠭᠤᠷᠬᠠᠢ ᠶᠢᠨ ᠡᠬᠢ ᠪᠠᠶᠠᠯᠢᠭ ᠤᠨ ᠠᠰᠢᠭᠯᠠᠯᠳᠠ᠂ ᠠᠮᠢᠳᠤ ᠪᠤᠳᠠᠰ ᠡᠮ ᠡᠮᠨᠡᠯᠬᠡ᠂ ᠬᠦᠨᠡᠰᠤᠨ ᠤ ᠠᠶᠤᠯᠬᠦᠢ᠂ ᠰᠢᠨ᠎ᠡ ᠴᠠᠭ ᠦᠶ᠎ᠡ ᠶᠢᠨ ᠰᠤᠷᠠᠭ ᠵᠠᠩᠬᠢ ᠲᠧᠭᠨᠤᠯᠤᠬᠢ᠂ ᠦᠨᠳᠦᠰᠦᠳᠡᠨ ᠤ ᠰᠤᠶᠤᠯ ᠤᠨ ᠬᠦᠴᠦᠷᠭᠡᠭ ᠤᠷᠤᠨ ᠤ ᠪᠠᠶᠢᠭᠤᠯᠤᠯᠳᠠ᠂ ᠪᠠᠶᠢᠯᠳᠤᠬᠤ ᠪᠤᠳᠤᠯᠭ᠎ᠠ ᠶᠢᠨ ᠰᠢᠶ᠋ᠳᠪᠦᠷᠢ ᠭᠠᠷᠭᠠᠬᠤ ᠵᠢᠴᠢ ᠯᠠᠪᠯᠠᠯᠳᠠ ᠬᠠᠩᠭ᠋᠋ᠠᠬᠤ ᠵᠡᠷᠬᠡ ᠬᠦᠷᠢᠶ᠎ᠡ ᠴᠠᠷᠠᠭᠠᠨ ᠤ ᠰᠤᠳᠤᠯᠭᠠᠨ ᠪᠤᠯᠤᠨ ᠬᠡᠷᠡᠭᠯᠡᠬᠡ ᠢᠯᠡᠷᠬᠡᠢ ᠠᠬᠢᠯᠳᠠ ᠲᠠᠢ ᠪᠤᠯᠤᠬᠰᠠᠨ ᠪᠦᠬᠡᠳ ᠭᠠᠵᠠᠷ ᠤᠷᠤᠨ ᠤ ᠬᠦᠭ᠍ᠵᠢᠯᠳᠡ ᠳᠤ ᠦᠵᠡᠬᠦᠯᠬᠦ ᠬᠤᠪᠢ ᠨᠡᠮᠡᠷᠢ ᠨᠢ ᠴᠤ ᠡᠳᠦᠷ ᠢᠷᠡᠬᠦᠶ᠎ᠡ ᠨᠡᠮᠡᠭᠳᠡᠭᠰᠡᠭᠡᠷ ᠁

ᠢᠷᠡᠯᠳᠡ᠄ ᠰᠢᠨᠬᠤᠸᠠ ᠮᠤᠩᠭ᠋᠋ᠤᠯ ᠨᠧᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121632917