蒙古文网站Logo
ᠰᠢᠨᠬᠤᠸᠠ ᠮᠤᠩᠭ᠋ᠤᠯ ᠨᠧᠲ

ᠪᠡᠭᠡᠵᠢᠩ ᠬᠤᠲᠠ ᠶᠢᠨ ᠤᠷᠤᠯᠠᠭᠴᠢ ᠳᠠᠷᠤᠭ᠎ᠠ᠄ ᠦᠨᠦ ᠵᠢᠯ ᠤᠨ ᠤᠷᠤᠨ ᠰᠠᠭᠤᠴᠠ ᠶᠢᠨ ᠦᠨ᠎ᠠ ᠦᠩᠭᠡᠷᠡᠭᠰᠡᠨ ᠡᠭᠡᠯᠵᠢ ᠶᠢᠨ ᠬᠢ ᠡᠴᠡ ᠦᠰᠬᠦ ᠦᠭᠡᠢ ᠪᠠᠶᠢᠬᠤ ᠶᠢ ᠪᠠᠲᠤᠯᠠᠨ᠎ᠠ

2017-09-11 12:32

    ᠰᠢᠨᠬᠤᠸᠠ ᠬᠤᠷᠢ᠎ᠠ   ᠪᠡᠭᠡᠵᠢᠩ ᠤᠨ 9 ᠰᠠᠷ᠎ᠠ ᠶᠢᠨ 9 ᠤ ᠡᠳᠦᠷ ᠤᠨ ᠴᠠᠬᠢᠯᠭᠠᠨ ᠮᠡᠳᠡᠭᠡ ( ᠰᠤᠷᠪᠤᠯᠵᠢᠯᠠᠭᠴᠢ ᠡᠦ ᠮᠸᠩ ᠳ᠋ᠠ) ᠰᠤᠷᠪᠤᠯᠵᠢᠯᠠᠭᠴᠢ ᠪᠡᠭᠡᠵᠢᠩ ᠬᠤᠲᠠ ᠶᠢᠨ ᠵᠠᠰᠠᠭ ᠤᠨ ᠤᠷᠳᠤᠨ ᠡᠴᠡ ᠤᠶᠢᠯᠠᠭᠠᠭᠰᠠᠨ ᠢᠶᠡᠷ᠂ ᠪᠡᠭᠡᠵᠢᠩ ᠬᠤᠲᠠ ᠶᠢᠨ ᠤᠷᠤᠯᠠᠭᠴᠢ ᠳᠠᠷᠤᠭ᠎ᠠ ᠴᠸᠨ ᠵᠢᠶᠸ ᠨᠢᠩ ᠲᠦᠷᠦᠭᠦᠭᠡᠨ ᠪᠡᠭᠡᠵᠢᠩ ᠬᠤᠲᠠ ᠶᠢᠨ ᠤᠷᠤᠨ ᠰᠠᠭᠤᠴᠠ ᠶᠢᠨ ᠬᠡᠷᠡᠭᠴᠡᠭᠡ ᠬᠠᠩᠭ᠋ᠠᠯᠭ᠎ᠠ ᠪᠤᠯᠤᠨ ᠭᠡᠷ ᠪᠠᠶᠢᠰᠢᠩ ᠭᠠᠵᠠᠷ ᠰᠢᠷᠦᠢ ᠶᠢᠨ ᠬᠦᠷᠦᠩᠭᠡ ᠶᠢᠨ ᠲᠤᠬᠢᠷᠠᠭᠤᠯᠤᠯᠲᠠ ᠶᠢᠨ ᠠᠵᠢᠯ ᠳᠡᠭᠡᠷ᠎ᠠ ᠭᠡᠷ ᠪᠠᠶᠢᠰᠢᠩ ᠭᠠᠵᠠᠷ ᠰᠢᠷᠦᠢ ᠶᠢᠨ ᠬᠦᠷᠦᠩᠭᠡ ᠶᠢᠨ ᠲᠤᠬᠢᠷᠠᠭᠤᠯᠤᠯᠲᠠ ᠶᠢᠨ ᠠᠵᠢᠯ ᠢ ᠰᠠᠶᠢᠲᠤᠷ ᠬᠢᠵᠤ᠂ ᠦᠨᠦ ᠵᠢᠯ ᠤᠨ ᠤᠷᠤᠨ ᠰᠠᠭᠤᠴᠠ ᠶᠢᠨ ᠦᠨ᠎ᠠ ᠦᠩᠭᠡᠷᠡᠭᠰᠡᠨ ᠡᠭᠡᠯᠵᠢ ᠶᠢᠨ ᠬᠢ ᠡᠴᠡ ᠦᠰᠬᠦ ᠦᠭᠡᠢ ᠪᠠᠶᠢᠬᠤ ᠶᠢ ᠪᠠᠲᠤᠯᠠᠨ᠂ ᠪᠡᠭᠡᠵᠢᠩ ᠤᠨ ᠭᠡᠷ ᠪᠠᠶᠢᠰᠢᠩ ᠭᠠᠵᠠᠷ ᠰᠢᠷᠦᠢ ᠶᠢᠨ ᠬᠦᠷᠦᠩᠭᠡ ᠶᠢᠨ ᠵᠠᠬ᠎ᠠ ᠵᠡᠭᠡᠯᠢ ᠤᠷᠳᠤ ᠬᠤᠭᠤᠴᠠᠭ᠎ᠠ ᠪᠡᠷ ᠲᠤᠭᠲᠠᠭᠤᠨ ᠦᠰᠦᠯᠲᠠ ᠶᠢ ᠴᠢᠷᠮᠠᠶᠢᠨ ᠪᠡᠶᠡᠯᠡᠭᠦᠯᠬᠦ ᠬᠡᠷᠡᠭᠲᠠᠢ ᠭᠡᠰᠡᠨ ᠪᠠᠶᠢᠯ᠎ᠠ᠃

    ᠲᠠᠨᠢᠯᠴᠠᠭᠤᠯᠤᠭᠰᠠᠨ ᠢᠶᠡᠷ᠂ ᠦᠨᠦ ᠵᠢᠯ ᠡᠴᠡ ᠨᠠᠰᠢ ᠪᠡᠭᠡᠵᠢᠩ ᠬᠤᠲᠠ ᠲᠤᠬᠢᠷᠠᠭᠤᠯᠤᠯᠲᠠ ᠶᠢᠨ ᠲᠦᠷᠦ ᠶᠢᠨ ᠪᠤᠳᠤᠯᠭ᠎ᠠ ᠶᠢ ᠵᠠᠯᠭᠠᠪᠠᠷ ᠭᠠᠷᠭᠠᠵᠤ᠂ ᠢᠷᠡᠬᠦ ᠲᠠᠪᠤᠨ ᠵᠢᠯ ᠳᠡᠬᠢ 150 ᠲᠦᠮᠡᠨ ᠢᠵᠢ ᠤᠷᠤᠨ ᠰᠠᠭᠤᠴᠠ ᠳᠤ ᠬᠡᠷᠡᠭᠰᠡᠬᠦ ᠭᠠᠵᠠᠷ ᠢ ᠬᠠᠩᠭ᠋ᠠᠬᠤ ᠲᠦᠰᠦᠯ ᠢ ᠨᠡᠶᠢᠲᠡᠯᠡᠵᠤ᠂ ᠭᠡᠷ ᠪᠠᠶᠢᠰᠢᠩ ᠭᠠᠵᠠᠷ ᠰᠢᠷᠦᠢ ᠶᠢᠨ ᠬᠦᠷᠦᠩᠭᠡ ᠶᠢᠨ ᠵᠠᠬ᠎ᠠ ᠵᠡᠭᠡᠯᠢ ᠶᠢᠨ ᠲᠤᠭᠳᠠᠭᠤᠨ ᠦᠰᠦᠯᠲᠠ ᠶᠢᠨ ᠳᠦᠷᠢᠮ ᠬᠢᠭᠡᠳ ᠲᠤᠶᠢᠮᠤ ᠶᠢ ᠪᠤᠢ ᠪᠤᠯᠭᠠᠬᠤ ᠪᠡᠷ ᠪᠠᠶᠢᠨ᠎ᠠ᠃

    ᠲᠤᠭ᠎ᠠ ᠪᠦᠷᠢᠳᠭᠡᠯ ᠳᠤ ᠢᠯᠡᠷᠡᠭᠰᠡᠨ ᠢᠶᠡᠷ᠂ ᠪᠡᠭᠡᠵᠢᠩ ᠤᠨ ᠰᠢᠨ᠎ᠠ ᠪᠡᠷ ᠪᠦᠲᠦᠭᠡᠨ ᠪᠠᠶᠢᠭᠤᠯᠤᠭᠰᠠᠨ ᠲᠠᠸᠠᠷ ᠤᠨ ᠤᠷᠤᠨ ᠰᠠᠭᠤᠴᠠ ᠶᠢᠨ ᠦᠨ᠎ᠠ 11 ᠰᠠᠷ᠎ᠠ ᠳᠠᠷᠠᠭᠠᠯᠠᠨ ᠦᠩᠭᠡᠷᠡᠭᠰᠡᠨ ᠡᠭᠡᠯᠵᠢ ᠶᠢᠨ ᠬᠢ ᠡᠴᠡ ᠦᠰᠦᠭᠰᠡᠨ ᠦᠭᠡᠢ ᠪᠠᠶᠢᠵᠤ᠂ ᠬᠠᠭᠤᠴᠢᠨ ᠤᠷᠤᠨ ᠰᠠᠭᠤᠴᠠ ᠶᠢᠨ ᠦᠨ᠎ᠠ ᠶᠢᠨ ᠵᠢᠭᠠᠯᠲᠠ ᠲᠤᠭ᠎ᠠ 8 ᠰᠠᠷ᠎ᠠ ᠳᠤ ᠦᠩᠭᠡᠷᠡᠭᠰᠡᠨ ᠡᠭᠡᠯᠵᠢ ᠡᠴᠡ 0.8% ᠪᠡᠷ ᠪᠠᠭᠤᠷᠠᠪᠠ᠃

    ᠦᠨᠦ ᠵᠢᠯ ᠪᠤᠯ ᠢᠷᠡᠬᠦ ᠲᠠᠪᠤᠨ ᠵᠢᠯ ᠳᠡᠬᠢ 150 ᠲᠦᠮᠡᠨ ᠢᠵᠢ ᠤᠷᠤᠨ ᠰᠠᠭᠤᠴᠠ ᠳᠤ ᠬᠡᠷᠡᠭᠰᠡᠬᠦ ᠭᠠᠵᠠᠷ ᠢ ᠬᠠᠩᠭ᠋ᠠᠬᠤ ᠲᠦᠰᠦᠯ ᠢ ᠬᠡᠷᠡᠭᠵᠢᠭᠦᠯᠬᠦ ᠠᠩᠬᠠᠨ ᠤ ᠵᠢᠯ᠂ ᠭᠠᠵᠠᠷ ᠬᠠᠩᠭ᠋ᠠᠬᠤ ᠡᠭᠦᠷᠭᠡ ᠶᠢ ᠪᠡᠶᠡᠯᠡᠭᠦᠯᠬᠦ ᠶᠢ ᠪᠠᠲᠤᠯᠠᠬᠤ ᠶᠢᠨ ᠬᠠᠮᠲᠤ ᠳᠠᠷᠠᠭ᠎ᠠ ᠵᠢᠯ ᠤᠨ ᠭᠠᠵᠠᠷ ᠬᠠᠩᠭ᠋ᠠᠬᠤ ᠲᠦᠰᠦᠯ ᠢ ᠳᠠᠷᠤᠢ ᠲᠦᠷᠭᠡᠨ ᠲᠤᠬᠢᠷᠠᠭᠤᠯᠤᠨ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121643230