蒙古文网站Logo
ᠰᠢᠨᠬᠤᠸᠠ ᠮᠤᠩᠭ᠋ᠤᠯ ᠨᠧᠲ

ᠠᠩᠬᠠᠨ ᠤ ᠬᠤᠳᠠᠯᠳᠤᠭᠠᠨ ᠤ ᠺᠸᠠᠨ᠋ᠲ ᠤᠨ ᠴᠢᠮᠡᠭᠡ ᠬᠤᠯᠪᠤᠭᠠᠨ ᠤ ᠲᠤᠰᠬᠠᠢ ᠨᠸᠲ ᠠᠰᠢᠭᠯᠠᠯᠲᠠ ᠳᠤ ᠤᠷᠤᠪᠠ

2017-09-13 11:49

    ᠤᠯᠤᠰ ᠤᠨ ᠲᠤᠳᠤᠭᠠᠲᠤ ᠶᠢᠨ ᠠᠩᠬᠠᠨ ᠤ ᠬᠤᠳᠠᠯᠳᠤᠭᠠᠨ ᠤ ᠺᠸᠠᠨ᠋ᠲ ᠤᠨ ᠴᠢᠮᠡᠭᠡ ᠬᠤᠯᠪᠤᠭ᠎ᠠ ᠶᠢ ᠨᠢᠭᠤᠴᠠᠯᠠᠬᠤ ᠲᠤᠰᠬᠠᠢ ᠨᠸᠲ - ᠵᠢᠨᠠᠨ ᠤ ᠨᠠᠮ ᠵᠠᠰᠠᠭ ᠤᠨ ᠪᠠᠶᠢᠭᠤᠯᠤᠯᠭ᠎ᠠ ᠶᠢᠨ ᠺᠸᠠᠨ᠋ᠲ ᠤᠨ ᠴᠢᠮᠡᠭᠡ ᠬᠤᠯᠪᠤᠭᠠᠨ ᠤ ᠲᠤᠰᠬᠠᠢ ᠨᠸᠲ ᠲᠤᠰᠬᠠᠢ ᠮᠡᠷᠭᠡᠵᠢᠯᠲᠠᠳ ᠡᠴᠡ ᠨᠢᠭᠤᠴᠠᠯᠠᠬᠤ ᠴᠢᠨᠠᠷ᠂ ᠠᠶᠤᠯᠭᠦᠢ ᠶᠢᠨ ᠪᠠᠶᠢᠳᠠᠯ᠂ ᠺᠤᠲ᠋ᠯᠠᠬᠤ ᠴᠢᠨᠡᠷ ᠵᠡᠷᠭᠡ ᠳᠤ ᠰᠢᠯᠭᠠᠨ ᠪᠠᠶᠢᠴᠠᠭᠠᠯᠲᠠ ᠬᠢᠭ᠍ᠰᠡᠨ ᠤ ᠡᠴᠤᠰ ᠲᠤ ᠴᠦᠮ ᠲᠦᠯᠦᠪᠯᠡᠭᠡᠲᠤ ᠬᠠᠷᠠᠯᠲᠠ ᠳᠤ ᠬᠦᠷᠴᠤ ᠨᠸᠲ ᠡᠴᠡ ᠪᠠᠶᠢᠴᠠᠭᠠᠨ ᠵᠦᠪᠰᠢᠶᠡᠷᠡᠭᠰᠡᠨ ᠤ ᠳᠠᠷᠠᠭ᠎ᠠ 12 ᠤᠨ ᠡᠳᠦᠷ ᠵᠢᠨᠠᠨ ᠳᠤ ᠠᠯᠪᠠᠨ ᠶᠤᠰᠤᠭᠠᠷ ᠠᠰᠢᠭᠯᠠᠯᠲᠠ ᠳᠤ ᠤᠷᠤᠪᠠ᠃

    ᠺᠸᠠᠨ᠋ᠲ ᠪᠤᠯ ᠡᠨ᠋ᠸᠷᠭᠢ ᠶᠢᠨ ᠬᠠᠮᠤᠭ ᠤᠨ ᠦᠨᠳᠦᠰᠦᠨ᠂ ᠬᠠᠮᠤᠭ ᠤᠨ ᠪᠠᠭ᠎ᠠ ᠬᠤᠪᠢᠶᠠᠵᠤ ᠲᠡᠶᠢᠯᠬᠦ ᠦᠭᠡᠢ ᠨᠢᠭᠡᠴᠡ ᠮᠦᠨ᠃ ᠡᠭᠦᠨ ᠢ ᠺᠯᠤᠨᠳᠠᠵᠤ ᠴᠢᠳᠠᠳᠠᠭ ᠦᠭᠡᠢ᠂ ᠬᠠᠭᠤᠯᠪᠤᠷᠢᠯᠠᠬᠤ ᠳᠤ ᠪᠤᠷᠤᠭᠤ ᠭᠠᠷᠳᠠᠭ ᠡᠴᠡ ᠪᠤᠯᠵᠤ ᠠᠮᠠᠷᠬᠠᠨ ᠮᠡᠳᠡᠭᠳᠡᠳᠡᠭ᠃ ᠡᠲᠡᠭᠡᠷ ᠤᠨᠴᠠᠯᠢᠭ ᠨᠢ ᠺᠸᠠᠨ᠋ᠲ ᠤᠨ ᠴᠢᠮᠡᠭᠡ ᠬᠤᠯᠪᠤᠭ᠎ᠠ ᠶᠢ ᠳᠠᠮᠵᠢᠭᠤᠯᠬᠤ ᠳᠤᠮᠳᠠ ᠬᠠᠷᠢᠴᠠᠯᠠᠰᠢᠭᠦᠢ ᠠᠮᠤᠷ ᠲᠦᠪᠰᠢᠨ ᠪᠠᠶᠢᠬᠤ ᠶᠢ ᠬᠠᠷᠠᠭᠤᠯᠵᠠᠢ᠃ ᠵᠢᠨᠠᠨ ᠤ ᠨᠠᠮ ᠵᠠᠰᠠᠭ ᠤᠨ ᠪᠠᠶᠢᠭᠤᠯᠤᠯᠭ᠎ᠠ ᠶᠢᠨ ᠺᠸᠠᠨ᠋ᠲ ᠤᠨ ᠴᠢᠮᠡᠭᠡ ᠬᠤᠯᠪᠤᠭᠠᠨ ᠤ ᠲᠤᠰᠬᠠᠢ ᠨᠸᠲ ᠤᠨ ᠪᠦᠬᠦᠶᠢᠯᠠ ᠬᠡᠷᠡᠭᠯᠡᠭᠴᠢᠳ ᠤᠨ ᠴᠢᠮᠠᠬᠡ ᠬᠤᠯᠪᠤᠭᠠᠨ ᠤ ᠶᠠᠪᠤᠴᠠ ᠳᠤ ᠰᠸᠺᠦ᠋ᠨ᠋ᠳ᠋ ᠪᠦᠷᠢ ᠳᠤ 4000 ᠨᠢᠭᠤᠴᠠ ᠺᠤᠳ᠋ ᠢᠶᠡᠷ ᠲᠤᠭ᠎ᠠ ᠪᠠᠷᠢᠮᠳᠠ ᠢᠢ ᠬᠠᠮᠠᠭᠠᠯᠠᠵᠤ ᠪᠤᠢ᠃

    ᠺᠸᠠᠨ᠋ᠲ ᠤᠨ ᠨᠢᠭᠤᠴᠠᠯᠠᠬᠤ ᠴᠢᠮᠡᠭᠡ ᠬᠤᠯᠪᠤᠭ᠎ᠠ ᠨᠢ ᠤᠯᠤᠰ ᠤᠨ ᠪᠠᠲᠤᠯᠠᠨ ᠬᠠᠮᠠᠭᠠᠯᠠᠯᠲᠠ᠂ ᠵᠠᠰᠠᠭ ᠤᠨ ᠶᠠᠪᠤᠳᠠᠯ᠂ ᠮᠦᠩᠭᠦᠨ ᠭᠦᠢᠯᠭᠡᠭᠡ᠂ ᠤᠯᠤᠰ ᠲᠦᠷᠦ ᠪᠠ ᠬᠠᠤᠯᠢ ᠴᠠᠭᠠᠵᠠ᠂ ᠴᠠᠬᠢᠯᠭᠠᠨ ᠬᠦᠴᠦ ᠵᠡᠷᠭᠡ ᠬᠦᠷᠢᠶ᠎ᠠ ᠴᠠᠷᠠᠭᠠᠨ ᠳᠤ ᠬᠦᠨᠲᠤ ᠴᠢᠬᠤᠯᠠ ᠬᠡᠷᠡᠭᠯᠡᠭᠡᠨ ᠤ ᠦᠷᠲᠡᠭ ᠲᠠᠢ᠃ ᠲᠤᠰᠬᠠᠢ ᠮᠡᠷᠭᠡᠵᠢᠯᠲᠡᠳ ᠡᠭᠦᠨ ᠢ《 ᠬᠤᠵᠢᠮ ᠤᠨ ᠰᠤᠷᠠᠭ ᠵᠠᠩᠭᠢ ᠶᠢᠨ ᠨᠡᠶᠢᠭᠡᠮ ᠤᠨ ᠴᠢᠮᠠᠭᠡ ᠬᠤᠯᠪᠤᠭᠠᠨ ᠤ ᠨᠢᠭᠤᠴᠠᠯᠢᠭ ᠴᠢᠨᠠᠷ ᠪᠤᠯᠤᠨ ᠬᠤᠪᠢ ᠶᠢᠨ ᠨᠢᠭᠤᠴᠠ ᠶᠢ ᠪᠠᠲᠤᠯᠠᠬᠤ ᠵᠠᠩᠭᠢᠯᠠᠭ᠎ᠠ ᠶᠢᠨ ᠮᠡᠷᠭᠡᠵᠢᠯ》ᠬᠡᠮᠡᠨ ᠦᠵᠡᠵᠤ ᠪᠤᠢ᠃ ᠦᠷᠦᠨᠡᠳ᠋ᠠᠬᠢᠨ ᠤ ᠬᠦᠭ᠍ᠵᠢᠭᠰᠡᠨ ᠤᠯᠤᠰ ᠤᠳ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠠᠯᠠᠭ᠎ᠠ ᠮᠦᠴᠢᠷ ᠵᠢᠴᠢ ᠤᠯᠠᠨ ᠤᠯᠤᠰ ᠤᠨ ᠲᠤᠮᠤ ᠺᠤᠮᠫᠠᠨᠢ ᠴᠦᠮ ᠡᠨᠡᠬᠦ ᠮᠡᠷᠭᠡᠵᠢᠯ ᠢ ᠦᠷᠢᠰᠦᠯᠳᠤᠨ ᠬᠦᠭ᠍ᠵᠢᠭᠦᠯᠵᠤ ᠪᠤᠢ᠃

ᠢᠷᠡᠯᠳᠡ᠄ ᠲᠦᠪ ᠲ᠋ᠸᠯᠸᠢᠰ ᠤᠨ ᠰᠤᠨᠢᠨ ᠮᠡᠳᠡᠭᠡᠨ ᠤ APP ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121656189