蒙古文网站Logo
ᠰᠢᠨᠬᠤᠸᠠ ᠮᠤᠩᠭ᠋ᠤᠯ ᠨᠧᠲ

26 ᠳ᠋ᠤᠭᠠᠷ ᠬᠤᠭᠤᠴᠠᠭᠠᠨ ᠤ ᠳᠤᠮᠳᠠᠳᠤ ᠤᠯᠤᠰ ᠤᠨ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ 13 ᠤ ᠤᠷᠤᠢ ᠬᠦᠬᠡᠬᠤᠳᠠ ᠳᠤ ᠨᠡᠬᠡᠬᠡᠯᠳᠡ ᠪᠡᠨ ᠬᠢᠨ᠎ᠡ

2017-09-13 16:27

    ᠰᠢᠨᠬᠤᠧᠠ ᠨᠧᠲ   ᠬᠦᠬᠡᠬᠤᠳᠠ ᠶᠢᠨ 9 ᠰᠠᠷ᠎ᠠ ᠶᠢᠨ 12 ᠤᠨ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠸᠠᠩ ᠢᠤᠢ ᠲᠢᠶᠠᠨ᠂ ᠯᠢ ᠴᠢᠶᠠᠨ) 26 ᠳ᠋ᠤᠭᠠᠷ ᠬᠤᠭᠤᠴᠠᠭᠠᠨ ᠤ ᠳᠤᠮᠳᠠᠳᠤ ᠤᠯᠤᠰ ᠤᠨ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠡᠨᠡ ᠦᠳᠡᠰᠢ ᠪᠤᠶᠤ 13 ᠤ ᠤᠷᠤᠢ ᠬᠦᠬᠡᠬᠤᠳᠠ ᠳᠤ ᠨᠡᠬᠡᠬᠡᠯᠳᠡ ᠪᠡᠨ ᠬᠢᠬᠦ ᠪᠤᠯᠤᠨ᠎ᠠ᠃

    13 ᠤ ᠦᠳᠡ ᠡᠴᠡ ᠡᠮᠦᠨ᠎ᠡ᠂ 26 ᠳ᠋ᠤᠭᠠᠷ ᠬᠤᠭᠤᠴᠠᠭᠠᠨ ᠤ ᠳᠤᠮᠳᠠᠳᠤ ᠤᠯᠤᠰ ᠤᠨ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠤᠨ ᠵᠤᠬᠢᠶᠠᠨ ᠪᠠᠶᠢᠭᠤᠯᠬᠤ ᠪᠠᠭ ᠨᠢ ᠬᠡᠪᠯᠡᠯ ᠮᠡᠳᠡᠬᠡᠯᠡᠯ ᠤᠨ ᠬᠤᠷᠠᠯ ᠬᠤᠷᠠᠯᠳᠤᠭᠤᠯᠵᠤ᠂ ᠳᠤᠰ ᠤᠳᠠᠭ᠎ᠠ ᠶᠢᠨ ᠺᠢᠨᠣ᠋ ᠶᠢᠨ ᠨᠠᠶᠢᠷ ᠤᠨ ᠪᠡᠯᠡᠳᠬᠡᠯ ᠠᠵᠢᠯ᠂ ᠴᠢᠬᠤᠯᠠ ᠠᠵᠢᠯᠯᠠᠭ᠎ᠠ ᠵᠢᠴᠢ ᠱᠠᠩᠨᠠᠯ ᠬᠦᠬᠢᠬᠦᠯᠦᠯ ᠤᠨ ᠳᠠᠯ᠎ᠠ ᠪᠡᠷ ᠨᠠᠷᠢᠨ ᠳᠠᠨᠢᠯᠴᠠᠭᠤᠯᠤᠭᠰᠠᠨ ᠪᠠᠶᠢᠨ᠎ᠠ᠃

    ᠨᠠᠶᠢᠷ 13 ᠡᠴᠡ 16 ᠤ ᠡᠳᠦᠷ ᠪᠤᠯᠳᠠᠯ᠎ᠠ ᠬᠦᠬᠡᠬᠤᠳᠠ ᠳᠤ ᠵᠤᠬᠢᠶᠠᠨ ᠪᠠᠶᠢᠭᠤᠯᠤᠭᠳᠠᠨ᠎ᠠ᠂ ᠡᠬᠦᠨ ᠳᠤ ᠺᠢᠨᠣ᠋ ᠶᠢᠨ ᠨᠠᠶᠢᠷ ᠤᠨ ᠨᠡᠬᠡᠬᠡᠯᠳᠡ᠂ ᠤᠯᠤᠰ ᠤᠨ ᠦᠮᠴᠢᠯᠡᠯᠳᠤ ᠰᠢᠨ᠎ᠡ ᠺᠢᠨᠣ᠋ ᠶᠢᠨ ᠳᠠᠨᠢᠯᠴᠠᠭᠤᠯᠭ᠎ᠠ᠂ ᠴᠦᠬᠡᠨ ᠳᠤᠭᠠᠳᠤ ᠦᠨᠳᠦᠰᠦᠳᠡᠨ ᠤ ᠺᠢᠨᠣ᠋ ᠶᠢᠨ ᠦᠵᠡᠰᠬᠦᠯᠡᠩ᠂ ᠳᠤᠮᠳᠠᠳᠤ ᠤᠯᠤᠰ ᠤᠨ ᠺᠢᠨᠣ᠋ ᠶᠢᠨ ᠠᠵᠤ ᠦᠢᠯᠡᠰ ᠤᠨ ᠳᠡᠬᠡᠳᠦ ᠬᠡᠮᠵᠢᠶᠡᠨ ᠤ ᠹᠤᠷᠦ᠋ᠮ ᠵᠢᠴᠢ 31 ᠳ᠋ᠤᠬᠡᠷ ᠬᠤᠭᠤᠴᠠᠭᠠᠨ ᠤ ᠳᠤᠮᠳᠠᠳᠤ ᠤᠯᠤᠰ ᠤᠨ ᠺᠢᠨᠣ᠋ ᠤᠷᠠᠯᠢᠭ ᠤᠨ ᠠᠯᠳᠠᠨ ᠳᠠᠬᠢᠶ᠎ᠠ ᠱᠠᠩᠨᠠᠯ ᠤᠨ ᠱᠠᠩᠨᠠᠯ ᠤᠯᠭᠤᠯᠳᠠ ᠵᠡᠷᠬᠡ ᠠᠵᠢᠯᠯᠠᠭ᠎ᠠ ᠶᠢ ᠵᠤᠬᠢᠶᠠᠨ ᠪᠠᠶᠢᠭᠤᠯᠬᠤ ᠪᠤᠯᠤᠨ᠎ᠠ᠃

ᠢᠷᠡᠯᠳᠡ᠄ ᠰᠢᠨᠬᠤᠧᠠ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120701121656975