蒙古文网站Logo
ᠰᠢᠨᠬᠤᠸᠠ ᠮᠤᠩᠭ᠋ᠤᠯ ᠨᠧᠲ

ᠪᠠᠶᠢᠭᠠᠯᠢ ᠤᠷᠴᠢᠨ ᠤ ᠶᠠᠮᠤᠨ ᠡᠴᠡ ᠪᠡᠬᠡᠵᠢᠩ ᠲᠢᠶᠠᠨᠵᠢᠨ ᠾᠸᠪᠸᠢ ᠶᠢᠨ ᠠᠭᠠᠷ ᠤᠨ ᠪᠤᠬᠢᠷᠳᠤᠯ ᠤᠨ ᠶᠡᠷᠦᠩᠬᠡᠢ ᠵᠠᠰᠠᠯᠲᠠ ᠶᠢᠨ ᠠᠵᠢᠯᠯᠠᠭ᠎ᠠ ᠶᠢ ᠲᠤᠭᠤᠷᠢᠨ ᠪᠠᠶᠢᠴᠠᠭᠠᠬᠤ ᠪᠡᠷ ᠪᠤᠢ

2017-09-15 11:42

    ᠰᠢᠨᠬᠤᠸᠠ ᠬᠤᠷᠢᠶ᠎ᠠ   ᠪᠡᠬᠡᠵᠢᠩ ᠤᠨ 9 ᠰᠠᠷ᠎ᠠ ᠶᠢᠨ 14 ᠤ ᠡᠳᠦᠷ ᠤᠨ ᠴᠠᠬᠢᠯᠭᠠᠨ ᠮᠡᠳᠡᠭᠡ ( ᠰᠤᠷᠪᠤᠯᠵᠢᠯᠠᠭᠴᠢ ᠳ᠋ᠦᠩ ᠵᠢᠶᠦ᠋ᠨ ᠭᠤᠤ ᠵᠢᠩ) ᠪᠠᠶᠢᠭᠠᠯᠢ ᠤᠷᠴᠢᠨ ᠤ ᠶᠠᠮᠤᠨ 15 ᠤ ᠡᠳᠦᠷ ᠡᠴᠡ ᠡᠬᠢᠯᠡᠨ ᠪᠡᠬᠡᠵᠢᠩ ᠲᠢᠶᠠᠨᠵᠢᠨ ᠾᠸᠪᠸᠢ ᠵᠢᠴᠢ ᠤᠶᠢᠷ᠎ᠠ ᠤᠷᠴᠢᠮ ᠤᠨ ᠪᠦᠰᠡ ᠨᠤᠲᠤᠭ ᠤᠨ 2017 ᠤᠨ ᠡᠴᠡ 2018 ᠤᠨ ᠬᠦᠷᠲᠡᠯᠡᠬᠢ ᠨᠠᠮᠤᠷ ᠡᠪᠦᠯ ᠤᠨ ᠤᠯᠠᠷᠢᠯ ᠤᠨ ᠠᠭᠠᠷ ᠤᠨ ᠪᠤᠬᠢᠷᠳᠤᠯ ᠤᠨ ᠶᠡᠷᠦᠩᠬᠡᠢ ᠵᠠᠰᠠᠯᠲᠠ ᠶᠢᠨ ᠰᠢᠪᠳᠤᠯᠤᠯᠳᠠ ᠶᠢᠨ ᠠᠵᠢᠯᠯᠠᠭ᠎ᠠ ᠶᠢ ᠲᠤᠭᠤᠷᠢᠨ ᠪᠠᠶᠢᠴᠠᠭᠠᠵᠤ᠂ ᠨᠠᠮᠤᠷ ᠡᠪᠦᠯ ᠤᠨ ᠤᠯᠠᠷᠢᠯ ᠤᠨ ᠠᠭᠠᠷ ᠤᠨ ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢ ᠰᠠᠶᠢᠲᠤᠷ ᠬᠢᠬᠦ ᠪᠡᠷ ᠪᠤᠢ᠃

    ᠬᠢᠨᠠᠨ ᠪᠠᠶᠢᠴᠠᠭᠠᠯᠲᠠ ᠶᠢᠨ ᠠᠵᠢᠯᠯᠠᠭ᠎ᠠ ᠨᠢ 4 ᠰᠠᠷ᠎ᠠ ᠶᠢᠨ ᠬᠤᠭᠤᠴᠠᠭ᠎ᠠ ᠲᠠᠢ᠂ 8 ᠡᠭᠡᠯᠵᠢ ᠬᠤᠪᠢᠶᠠᠨ ᠶᠠᠪᠤᠭᠳᠠᠵᠤ᠂ ᠳᠠᠪᠬᠤᠷᠳᠠᠭᠰᠠᠨ ᠲᠤᠭ᠎ᠠ ᠪᠡᠷ 2480 ᠬᠦᠮᠦᠨ ᠤᠷᠤᠯᠴᠠᠨ᠎ᠠ᠃

    ᠤᠶᠢᠷ᠎ᠠ ᠳᠤ᠂ ᠪᠠᠶᠢᠭᠠᠯᠢ ᠤᠷᠴᠢᠨ ᠤ ᠶᠠᠮᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠲᠤᠷᠠᠨ ᠰᠢᠪᠳᠤᠯᠤᠯᠳᠠ ᠶᠢᠨ ᠠᠵᠢᠯᠯᠠᠭᠠᠨ ᠤ ᠲᠦᠰᠦᠯ ᠢ ᠨᠡᠶᠢᠲᠡᠯᠡᠬᠦ ᠶᠢᠨ ᠬᠠᠮᠲᠤ ᠱᠠᠯᠠᠪᠳᠠᠭᠤᠯᠤᠨ ᠪᠠᠶᠢᠴᠠᠭᠠᠬᠤ ᠲᠦᠰᠦᠯ᠂ ᠲᠤᠭᠤᠷᠢᠨ ᠪᠠᠶᠢᠴᠠᠭᠠᠬᠤ ᠲᠦᠰᠦᠯ᠂ ᠲᠤᠰᠬᠠᠢ ᠲᠦᠷᠦᠯ ᠤᠨ ᠱᠠᠯᠠᠪᠳᠠᠭᠤᠯᠤᠨ ᠪᠠᠶᠢᠴᠠᠭᠠᠬᠤ ᠲᠦᠰᠦᠯ᠂ ᠬᠡᠮᠵᠢᠶᠠᠵᠢᠭᠰᠡᠨ ᠪᠠᠶᠢᠳᠠᠯ ᠳᠤ ᠬᠠᠷᠢᠭᠤᠴᠠᠯᠭ᠎ᠠ ᠨᠡᠬᠡᠮᠵᠢᠯᠡᠬᠦ ᠳᠦᠷᠢᠮ᠂ ᠰᠤᠷᠠᠭ ᠵᠠᠩᠭᠢ ᠶᠢᠨ ᠨᠡᠭᠡᠭᠡᠯᠲᠡ ᠲᠠᠢ ᠲᠦᠰᠦᠯ ᠪᠤᠯᠤᠨ ᠤᠬᠠᠭᠤᠯᠬᠤ ᠲᠦᠰᠦᠯ ᠢ ᠴᠢᠩᠭ᠋ᠠᠳᠬᠠᠬᠤ ᠵᠡᠷᠭᠡ 6 ᠢᠵᠢ ᠪᠢᠴᠢᠭ᠌ ᠮᠠᠲ᠋ᠸᠷᠢᠶᠠᠯ ᠢ ᠲᠤᠭᠲᠠᠭᠠᠨ《 1+6》 ᠶᠢᠨ ᠲᠦᠰᠦᠯ ᠤᠨ ᠰᠢᠰᠲ᠋ᠸᠮ ᠢ ᠪᠦᠷᠢᠯᠳᠦᠭᠦᠯᠪᠡ᠃

    ᠪᠠᠶᠢᠭᠠᠯᠢ ᠤᠷᠴᠢᠨ ᠤ ᠶᠠᠮᠤᠨ ᠤ  ᠲᠤᠭᠤᠷᠢᠨ ᠪᠠᠶᠢᠴᠠᠭᠠᠯᠲᠠ ᠶᠢᠨ ᠪᠠᠶᠢᠳᠠᠯ᠂ ᠠᠭᠤᠯᠵᠠᠨ ᠶᠠᠷᠢᠯᠴᠠᠭᠰᠠᠨ ᠪᠠᠶᠢᠳᠠᠯ᠂ ᠬᠠᠷᠢᠭᠤᠴᠠᠯᠭ᠎ᠠ ᠨᠡᠬᠡᠮᠵᠢᠯᠡᠭᠰᠡᠨ ᠪᠠᠶᠢᠳᠠᠯ ᠢ ᠢᠯᠡ ᠪᠤᠯᠭᠠᠵᠤ᠂ ᠨᠡᠶᠢᠭᠡᠮ ᠤᠨ ᠬᠢᠨᠠᠯᠲᠠ ᠲᠠᠯᠪᠢᠯᠲᠠ ᠪᠤᠯᠤᠨ ᠦᠨᠡᠯᠡᠭᠡ ᠶᠢ ᠬᠦᠯᠢᠶᠠᠨ ᠠᠪᠬᠤ ᠪᠤᠯᠤᠨ᠎ᠠ᠃ ᠡᠯ᠎ ᠡ ᠪᠦᠰᠡ ᠨᠤᠲᠤᠭ ᠤᠨ ᠬᠡᠪᠯᠡᠯ ᠮᠡᠳᠡᠭᠡᠯᠡᠯ ᠤᠨ ᠬᠢᠨ ᠲᠤᠭᠤᠷᠢᠨ ᠪᠠᠶᠢᠴᠠᠭᠠᠬᠤ ᠪᠠᠭ ᠤᠨ ᠬᠤᠸᠠᠷᠠᠩᠨᠠᠨ ᠪᠠᠶᠢᠴᠠᠭᠠᠭᠰᠠᠨ ᠠᠵᠢᠯᠯᠠᠭ᠎ᠠ᠎ ᠶᠢ ᠨᠡᠶᠢᠲᠡᠯᠡᠬᠦ ᠶᠢᠨ ᠬᠠᠮᠲᠤ ᠢᠷᠭᠡᠳ ᠤᠨ《12369》ᠤᠷᠴᠢᠨ ᠲᠤᠭᠤᠷᠢᠨ ᠢ ᠬᠠᠮᠠᠭᠠᠯᠠᠬᠤ ᠳ᠋ᠤᠭᠠᠷ ᠲᠤ ᠬᠤᠯᠪᠤᠭᠳᠠᠬᠤ ᠪᠤᠶᠤ ᠸᠢᠴᠠᠲ ᠢᠶᠡᠷ ᠢᠯᠡᠴᠢᠯᠡᠨ ᠮᠡᠳᠡᠭᠦᠯᠬᠦ ᠵᠡᠷᠭᠡ ᠠᠷᠭ᠎ᠠ ᠪᠠᠷᠢᠯ ᠢᠶᠡᠷ ᠬᠠᠮᠢᠶ᠎ᠠ ᠪᠦᠬᠦᠢ ᠠᠰᠠᠭᠤᠳᠠᠯ ᠢ ᠮᠡᠳᠡᠭᠳᠡᠬᠦ ᠶᠢ ᠵᠤᠷᠢᠭᠵᠢᠭᠤᠯᠵᠤ ᠪᠠᠶᠢᠨ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011100001121669070