蒙古文网站Logo
ᠰᠢᠨᠬᠤᠸᠠ ᠮᠤᠩᠭ᠋ᠤᠯ ᠨᠧᠲ

ᠠᠩᠬᠠᠳᠤᠭᠠᠷ ᠬᠤᠭᠤᠴᠠᠭᠠᠨ ᠤ ᠤᠯᠠᠭᠠᠨᠴᠠᠪ ᠤᠨ ᠬᠦᠭᠵᠢᠯᠳᠡ ᠶᠢᠨ ᠶᠡᠬᠡ ᠬᠤᠷᠠᠯ ᠨᠡᠬᠡᠬᠡᠯᠳᠡ ᠪᠡᠨ ᠬᠢᠪᠡ

2017-09-15 15:49

    ᠰᠢᠨᠬᠤᠧᠠ ᠨᠧᠲ   ᠬᠦᠬᠡᠬᠤᠳᠠ ᠶᠢᠨ 9 ᠰᠠᠷ᠎ᠠ ᠶᠢᠨ 15 ᠤ ᠡᠳᠦᠷ ᠤᠨ ᠴᠠᠬᠢᠯᠭᠠᠨ ᠮᠡᠳᠡᠭᠡ (ᠯᠢ ᠬᠦᠧᠧ ᠳ᠋ᠦᠩ᠂ ᠱᠢ ᠢ) ᠬᠤᠶᠠᠷ ᠰᠠᠷ᠎ᠠ ᠭᠠᠷᠤᠢ ᠶᠢᠨ ᠪᠡᠯᠡᠳᠬᠡᠯ ᠠᠵᠢᠯ ᠢ ᠦᠩᠬᠡᠷᠡᠬᠡᠬᠡᠳ ᠠᠩᠬᠠᠳᠤᠭᠠᠷ ᠬᠤᠭᠤᠴᠠᠭᠠᠨ ᠤ ᠤᠯᠠᠭᠠᠨᠴᠠᠪ ᠤᠨ ᠬᠦᠭᠵᠢᠯᠳᠡ ᠶᠢᠨ ᠶᠡᠬᠡ ᠬᠤᠷᠠᠯ ᠨᠢ 15 ᠤ ᠡᠳᠦᠷ ᠦᠪᠦᠷ ᠮᠤᠩᠭᠤᠯ ᠤᠨ ᠤᠯᠠᠭᠠᠨᠴᠠᠪ ᠲᠤ ᠨᠡᠬᠡᠬᠡᠯᠳᠡ ᠪᠡᠨ ᠬᠢᠯ᠎ᠡ᠃

    ᠬᠤᠷᠠᠯ ᠨᠢ ᠭᠤᠤᠯ ᠰᠡᠳᠦᠪᠳᠤ ᠶᠠᠷᠢᠶ᠎ᠠ ᠢᠯᠡᠳᠬᠡᠯ ᠬᠢᠬᠦ᠂ ᠵᠤᠴᠢᠳ ᠶᠠᠷᠢᠶ᠎ᠠ ᠳᠠᠯᠪᠢᠬᠤ᠂ ᠠᠩᠬᠠᠨ ᠤ ᠪᠦᠯᠦᠭ 《ᠬᠤᠪᠢᠯᠭᠠᠨ ᠵᠠᠪᠢ ᠬᠤᠨᠳᠠᠭᠠᠳᠤ》 ᠴᠢᠳᠠᠪᠤᠷᠢᠳᠠᠨ ᠤ ᠱᠠᠩᠨᠠᠯ ᠢ ᠭᠠᠷᠳᠠᠭᠤᠯᠬᠤ᠂ ᠤᠷᠠᠨ ᠰᠠᠶᠢᠬᠠᠨ ᠤ ᠳᠤᠭᠯᠠᠯᠳᠠ ᠰᠤᠨᠢᠷᠬᠠᠭᠤᠯᠬᠤ ᠵᠡᠷᠬᠡ ᠠᠭᠤᠯᠭ᠎ᠠ ᠪᠡᠷ ᠵᠤᠬᠢᠶᠠᠨ ᠪᠠᠶᠢᠭᠤᠯᠤᠭᠳᠠᠨ᠎ᠠ᠃ ᠬᠤᠷᠠᠯ ᠳᠤ᠂ ᠤᠷᠤᠨ ᠨᠤᠳᠤᠭ ᠤᠨ ᠬᠢᠨᠢ ᠬᠠᠷᠢᠶᠠᠯᠠᠯ ᠲᠠᠢ ᠪᠠ ᠳᠤᠰ ᠨᠤᠳᠤᠭ ᠲᠤ ᠠᠵᠢᠯᠯᠠᠵᠤ ᠰᠤᠷᠤᠯᠴᠠᠵᠤ ᠦᠩᠬᠡᠷᠡᠭᠰᠡᠨ ᠡᠯ᠎ᠡ ᠰᠠᠯᠪᠤᠷᠢ ᠶᠢᠨ ᠨᠡᠯᠢᠶᠡᠳ ᠶᠡᠬᠡ ᠨᠦᠯᠦᠬᠡ ᠳᠤᠰᠬᠠᠯ ᠲᠠᠢ ᠨᠡᠷᠡᠳᠦ ᠬᠦᠮᠦᠰ᠂ ᠤᠯᠠᠭᠠᠨᠴᠠᠪ ᠬᠤᠳᠠ ᠳᠤ ᠬᠦᠷᠦᠩᠬᠡ ᠤᠷᠤᠭᠤᠯᠤᠭᠴᠢ ᠪᠤᠶᠤ ᠬᠦᠷᠦᠩᠬᠡ ᠤᠷᠤᠭᠤᠯᠬᠤ ᠪᠡᠷ ᠪᠡᠯᠡᠳᠬᠡᠵᠤ ᠪᠤᠢ ᠠᠵᠤ ᠠᠬᠤᠶᠢᠯᠠᠯᠳᠠᠨ᠂ ᠡᠯ᠎ᠡ ᠭᠠᠵᠠᠷ ᠤᠨ ᠬᠤᠳᠠᠯᠳᠤᠭᠠᠨ ᠤ ᠨᠡᠶᠢᠬᠡᠮᠯᠢᠭ ᠤᠨ ᠳᠦᠯᠦᠬᠡᠯᠡᠭᠴᠢ ᠨᠡᠶᠢᠳᠡ 500 ᠭᠠᠷᠤᠢ ᠬᠦᠮᠦᠨ ᠴᠤᠭᠯᠠᠷᠠᠵᠤ ᠬᠦᠭᠵᠢᠯᠳᠡ ᠶᠢᠨ ᠶᠡᠬᠡ ᠪᠤᠳᠤᠯᠭ᠎ᠠ ᠶᠢ ᠬᠠᠮᠳᠤᠪᠠᠷ ᠵᠦᠪᠯᠡᠵᠡᠢ᠃

ᠢᠷᠡᠯᠳᠡ᠄ ᠰᠢᠨᠬᠤᠧᠠ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011120701121670317