蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠤ 1 ᠬᠦᠮᠦᠨ ᠤᠯᠤᠰ ᠲᠠᠶᠠᠭᠠᠷ ᠤᠨ ᠶᠠᠳᠠᠭᠤ ᠡᠴᠡ ᠠᠩᠬᠢᠵᠢᠷᠠᠭᠤᠯᠬᠤ ᠰᠢᠪᠳᠤᠯᠤᠯᠳᠠ ᠶᠢᠨ ᠱᠠᠩᠨᠠᠯ ᠭᠠᠷᠳᠠᠪᠠ

2017-09-15 17:30

    ᠰᠤᠷᠪᠤᠯᠵᠢᠯᠠᠭᠴᠢ ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠤ ᠶᠠᠳᠠᠭᠤ ᠶᠢ ᠲᠡᠳᠬᠦᠬᠦ ᠠᠯᠪᠠᠨ ᠡᠴᠡ ᠤᠶᠢᠯᠠᠭᠠᠭᠰᠠᠨ ᠢᠶᠡᠷ᠂ 2017 ᠤᠨ ᠳᠤ ᠤᠯᠤᠰ ᠲᠠᠶᠠᠭᠠᠷ ᠤᠨ ᠶᠠᠳᠠᠭᠤ ᠡᠴᠡ ᠠᠩᠬᠢᠵᠢᠷᠠᠭᠤᠯᠬᠤ ᠰᠢᠪᠳᠤᠯᠤᠯᠳᠠ ᠶᠢᠨ ᠱᠠᠩᠨᠠᠯ ᠬᠦᠷᠳᠡᠭᠰᠡᠳ ᠤᠨ ᠨᠡᠷ᠎ᠡ ᠶᠢ ᠵᠠᠷᠯᠠᠵᠤ᠂ ᠦᠪᠦᠷ ᠮᠤᠩᠭ᠋ᠤᠯ ᠤᠨ ᠡᠦ ᠶᠦ᠋ᠨ ᠪᠦᠧᠧ ᠤᠯᠤᠰ ᠲᠠᠶᠠᠭᠠᠷ ᠤᠨ ᠶᠠᠳᠠᠭᠤ ᠡᠴᠡ ᠠᠩᠬᠢᠵᠢᠷᠠᠭᠤᠯᠬᠤ ᠰᠢᠪᠳᠤᠯᠤᠯᠳᠠ ᠶᠢᠨ ᠤᠷᠤᠭᠰᠢᠯᠠᠯᠳᠠ ᠶᠢᠨ ᠱᠠᠩᠨᠠᠯ ᠲᠤᠰᠪᠠ᠃

    ᠡᠦ ᠶᠦ᠋ᠨ ᠪᠦᠧᠧ᠂ ᠲᠦᠩᠯᠢᠶᠤᠤ ᠬᠤᠳᠠ ᠶᠢᠨ ᠵᠠᠷᠤᠳ ᠬᠤᠰᠢᠭᠤᠨ ᠤ ᠪᠠᠶᠠᠨᠳᠠᠯ᠎ᠠ ᠰᠤᠮᠤᠨ ᠤ ᠵᠡᠬᠦᠨ ᠰᠠᠯᠠᠭ᠎ᠠ ᠭᠠᠴᠠᠭᠠᠨ ᠤ ᠨᠠᠮ ᠤᠨ ᠡᠬᠦᠷ ᠤᠨ ᠱᠦᠵᠢ᠂ ᠭᠠᠴᠠᠭᠠᠨ ᠤ ᠵᠦᠪᠯᠡᠯ ᠤᠨ ᠡᠷᠬᠢᠯᠡᠭᠴᠢ᠃ 2013 ᠤᠨ ᠤ 8 ᠰᠠᠷ᠎ᠠ ᠳᠤ᠂ ᠲᠡᠷᠡᠪᠡᠷ ᠲᠤᠰᠬᠤᠨ ᠤ ᠪᠠᠨ ᠨᠠᠮ ᠤᠨ ᠡᠬᠦᠷ ᠤᠨ ᠬᠡᠰᠢᠬᠦᠳ  ᠢ ᠲᠠᠭᠠᠭᠤᠯᠤᠨ ᠮᠠᠯᠴᠢᠨ ᠠᠶᠢᠯ ᠤᠨ ᠦᠬᠡᠷ ᠲᠡᠵᠢᠬᠡᠬᠦ ᠲᠤᠰᠬᠠᠢ ᠬᠤᠷᠰᠢᠶᠠᠵᠢᠯ ᠪᠠᠶᠢᠭᠤᠯᠵᠠᠢ᠃ ᠲᠤᠰᠬᠤᠨ ᠤ ᠨᠡᠶᠢᠳᠡ 234 ᠡᠷᠦᠬᠡ ᠶᠢᠨ 207 ᠡᠷᠦᠬᠡ ᠨᠢ ᠬᠤᠪᠢ ᠤᠷᠤᠭᠤᠯᠤᠨ᠂ ᠬᠤᠪᠢ ᠤᠷᠤᠭᠤᠯᠤᠭᠰᠠᠨ ᠨᠤᠷᠮ᠎ᠠ ᠨᠢ 90%  ᠶ᠋ᠢ ᠲᠠᠪᠠᠪᠠ᠃ ᠦᠨᠦ ᠵᠢᠯ ᠤᠨ 3 ᠰᠠᠷ᠎ᠠ  ᠪᠤᠯᠳᠠᠯ᠎ᠠ᠂ ᠠᠩᠬ᠎ᠠ 550 ᠲᠦᠮᠡᠨ ᠲᠦᠬᠦᠷᠢᠭ᠌᠌ ᠤᠨ ᠬᠦᠷᠦᠩᠬᠡ ᠪᠠᠶᠢᠭᠰᠠᠨ ᠡᠴᠡ ᠪᠠᠨ ᠨᠡᠮᠡᠭᠳᠡᠭᠡᠳ 1870 ᠲᠦᠮᠡᠨ ᠲᠦᠬᠦᠷᠢᠭ᠌ ᠲᠤ ᠬᠦᠷᠴᠤ᠂ 247.5 ᠲᠦᠮᠡᠨ ᠲᠦᠬᠦᠷᠢᠭ᠌᠌ ᠤᠨ ᠬᠤᠪᠢᠴᠠᠭ᠎ᠠ ᠤᠯᠵᠤ᠂ ᠬᠤᠪᠢ ᠤᠷᠤᠭᠤᠯᠤᠭᠰᠠᠨ ᠢᠷᠭᠡᠳ ᠤᠨ ᠵᠢᠯ ᠤᠨ ᠲᠤᠮᠳᠠᠴᠢ ᠤᠷᠤᠯᠭ᠎ᠠ ᠨᠢ 2400 ᠲᠦᠭᠦᠷᠢᠭ᠌᠌ ᠲᠤ ᠬᠦᠷᠴᠡᠢ᠃ ᠤᠳᠤᠬᠠᠨ ᠳᠤ ᠬᠤᠷᠰᠢᠶᠠᠵᠢᠯ ᠨᠢ ᠮᠠᠯᠵᠢᠬᠤ ᠂ ᠪᠤᠷᠳᠤᠬᠤ᠂ ᠨᠢᠳᠤᠯᠬᠤ᠂ ᠪᠤᠯᠪᠠᠰᠤᠷᠠᠭᠤᠯᠬᠤ᠂ ᠪᠤᠷᠤᠯᠠᠭᠤᠯᠬᠤ ᠡᠴᠡ ᠬᠤᠭᠤᠯᠠᠨ ᠤ ᠰᠢᠷᠡᠭᠡᠨ ᠳᠤ ᠬᠦᠷᠳᠡᠯ᠎ᠡ ᠴᠤᠭᠴᠠᠵᠢᠭᠰᠠᠨ ᠠᠵᠤ ᠦᠢᠯᠡᠰ ᠤᠨ ᠬᠡᠯᠬᠢᠶ᠎ᠠ ᠨᠢᠬᠡᠨᠳᠡ ᠪᠦᠷᠢᠯᠳᠦᠪᠡ᠃

    ᠤᠶᠢᠯᠠᠭᠠᠭᠰᠠᠨ ᠢᠶᠡᠷ᠂ ᠲᠦᠪ ᠤᠨ ᠵᠦᠪᠰᠢᠶᠡᠷᠡᠯ ᠲᠠᠢ ᠪᠡᠷ ᠲᠦᠷᠦ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠲᠡᠳᠬᠦᠨ ᠬᠦᠭ᠍ᠵᠢᠬᠦᠯᠬᠦ ᠤᠳᠤᠷᠢᠳᠬᠤ ᠪᠠᠭ 《 13.5》 ᠤ᠋ᠨ ᠬᠦᠭ᠍ᠵᠢᠯᠳᠡ ᠶᠢᠨ ᠲᠦᠰᠤᠯ ᠤᠨ ᠬᠤᠭᠤᠴᠠᠭᠠᠨ ᠳᠤ ᠤᠯᠤᠰ ᠲᠠᠶᠠᠭᠠᠷ ᠤᠨ ᠶᠠᠳᠠᠭᠤ  ᠡᠴᠡ ᠠᠩᠬᠢᠵᠢᠷᠠᠭᠤᠯᠬᠤ ᠰᠢᠪᠳᠤᠯᠤᠯᠳᠠ ᠶᠢᠨ ᠱᠠᠩᠨᠠᠯ ᠲᠤᠬᠢᠷᠠᠭᠤᠯᠵᠤ᠂ ᠵᠢᠯ ᠪᠦᠷᠢ ᠶᠠᠳᠠᠭᠤ ᠡᠴᠡ ᠠᠩᠬᠢᠵᠢᠷᠠᠭᠤᠯᠬᠤ ᠰᠢᠪᠳᠤᠯᠤᠯᠳᠠ ᠳᠤ ᠲᠤᠪᠤᠶᠢᠮ᠎ᠠ ᠬᠤᠪᠢ ᠨᠡᠮᠡᠷᠢ ᠦᠵᠡᠬᠦᠯᠦᠭᠰᠡᠨ ᠡᠯ᠎ᠡ ᠡᠳᠡᠭᠡᠳ ᠤᠨ ᠨᠢᠬᠡ ᠪᠦᠯᠦᠭ᠌᠌ ᠬᠦᠮᠦᠰ ᠢ ᠱᠠᠩᠨᠠᠨ ᠬᠦᠬᠢᠬᠦᠯᠤᠨ᠎ᠠ᠃ ᠤᠯᠤᠰ ᠲᠠᠶᠠᠭᠠᠷ ᠤᠨ ᠶᠠᠳᠠᠭᠤ ᠡᠴᠡ ᠠᠩᠬᠢᠵᠢᠷᠠᠭᠤᠯᠬᠤ ᠰᠢᠪᠳᠤᠯᠤᠯᠳᠠ ᠶᠢᠨ ᠱᠠᠩᠨᠠᠯ ᠳᠤ ᠤᠷᠤᠭᠰᠢᠯᠠᠯᠳᠠ ᠂ ᠬᠤᠪᠢ ᠨᠡᠮᠡᠷᠢ ᠂ ᠭᠠᠪᠢᠶ᠎ᠠ ᠵᠢᠳᠬᠦᠯ ᠂ ᠰᠢᠨ᠎ᠡ ᠶᠢ ᠡᠬᠦᠳᠬᠦ ᠵᠡᠷᠬᠡ ᠲᠦᠷᠪᠡᠨ ᠲᠦᠷᠦᠯ ᠤᠨ ᠱᠠᠩᠨᠠᠯ ᠲᠤᠬᠢᠷᠠᠭᠤᠯᠵᠤ᠂ ᠲᠦᠷᠦᠯ ᠪᠦᠷᠢ ᠳᠤ 10 ᠨᠡᠷᠡᠰ᠂ ᠨᠡᠶᠢᠳᠡ 40 ᠬᠦᠮᠦᠨ ᠢ ᠱᠠᠩᠨᠠᠨ ᠬᠦᠬᠢᠬᠦᠯᠳᠡᠭ᠃ 

ᠢᠷᠡᠯᠳᠡ᠄ ᠦᠪᠦᠷ ᠮᠤᠩᠭ᠋ᠤᠯ ᠤᠨ ᠡᠳᠤᠷ ᠤᠨ ᠰᠤᠨᠢᠨ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011120691121671031