蒙古文网站Logo
ᠰᠢᠨᠬᠤᠸᠠ ᠮᠤᠩᠭ᠋ᠤᠯ ᠨᠧᠲ

ᠮᠤᠩᠭᠤᠯ ᠢ ᠬᠢᠲᠠᠳ ᠢᠶᠡᠷ ᠤᠨᠯᠠᠶᠢᠨ ᠢᠶᠡᠷ ᠤᠷᠴᠢᠭᠤᠯᠬᠤ ᠰᠢᠰᠲ᠋ᠧᠮ ᠢ ᠰᠤᠲᠤᠯᠤᠨ ᠦᠢᠯᠡᠳᠬᠦ ᠠᠵᠢᠯ ᠤᠷᠤᠭᠰᠢᠲᠠᠢ ᠶᠠᠪᠤᠭᠲᠠᠨ᠎ᠠ

2017-09-16 20:37

    ᠰᠢᠨᠬᠤᠧᠠ ᠮᠤᠩᠭᠤᠯ ᠨᠧᠲ   ᠬᠦᠬᠡᠬᠤᠲᠠ ᠶᠢᠨ 9 ᠰᠠᠷ᠎ᠠ ᠶᠢᠨ 16 ᠤ ᠡᠲᠦᠷ ᠤᠨ ᠴᠠᠬᠢᠯᠭᠠᠨ ᠮᠡᠲᠡᠭᠡ ( ᠬ • ᠦᠵᠡᠰᠬᠦᠯᠡᠩ ) 16 ᠤ ᠡᠲᠦᠷ ᠤᠨ ᠦᠲᠡ ᠡᠴᠡ ᠡᠮᠦᠨ᠎ᠡ ᠬᠦᠬᠡᠬᠤᠲᠠ ᠳ᠋ᠤ ᠬᠤᠷᠠᠯᠲᠤᠭᠰᠠᠨ《ᠠᠭᠤᠰᠤᠯᠴᠠᠭᠰᠠᠨ ᠲᠤᠮᠤ ᠳ᠋ᠠᠶᠢᠲ᠋ᠠ ᠪᠤᠯᠤᠨ ᠤᠯᠠᠨ ᠲᠦᠷᠦᠯ ᠤᠨ ᠬᠡᠯᠡᠨ ᠤ ᠨᠡᠬᠡᠬᠡᠯᠲᠡᠲᠦ ᠬᠦᠷᠢᠶᠠᠨ ᠳ᠋ᠡᠬᠢ ᠮᠤᠩᠭᠤᠯ ᠬᠢᠲᠠᠳ ᠬᠡᠯᠡᠨ ᠤ ᠮᠡᠲᠡᠯᠭᠡ ᠶᠢᠨ ᠵᠢᠷᠤᠭ ᠢ ᠪᠠᠶᠢᠭᠤᠯᠬᠤ ᠵᠢᠴᠢ ᠬᠡᠷᠡᠭᠯᠡᠭᠡᠨ ᠤ ᠮᠡᠷᠭᠡᠵᠢᠯ ᠢ ᠬᠠᠮᠲᠤ ᠪᠡᠷ ᠬᠤᠪᠢᠶᠠᠯᠴᠠᠬᠤ ᠦᠢᠯᠡᠴᠢᠯᠡᠭᠡᠨ ᠤ ᠲᠠᠪᠴᠠᠩ ᠢ ᠨᠤᠲᠠᠯᠠᠬᠤ ᠬᠤᠷᠠᠯ》 ᠡᠴᠡ ᠤᠶᠢᠯᠠᠭᠠᠭᠰᠠᠨ ᠢᠶᠡᠷ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠮᠡᠲᠡᠭᠡ ᠵᠠᠩᠬᠢᠴᠢᠯᠠᠯᠲᠠ ᠶᠢᠨ ᠲᠤᠰᠬᠠᠢ ᠲᠦᠰᠦᠯ ᠤᠨ ᠲᠡᠮᠵᠢᠯᠭᠡᠨ ᠤ ᠲᠦᠷᠦᠯ ᠪᠤᠯᠬᠤ ᠮᠤᠩᠭᠤᠯ ᠢ ᠬᠢᠲᠠᠳ ᠢᠶᠡᠷ ᠤᠨᠯᠠᠶᠢᠨ ᠢᠶᠡᠷ ᠤᠷᠴᠢᠭᠤᠯᠬᠤ ᠰᠢᠰᠲ᠋ᠧᠮ ᠢ ᠰᠤᠲᠤᠯᠤᠨ ᠪᠦᠲᠦᠭᠡᠬᠦ ᠠᠵᠢᠯ ᠤᠷᠤᠭᠰᠢᠲᠠᠢ ᠶᠠᠪᠤᠭᠲᠠᠵᠤ ᠪᠠᠶᠢᠨ᠎ᠠ᠃ ᠲᠤᠭᠠᠴᠠᠭᠠᠯᠠᠭᠰᠠᠨ ᠢᠶᠡᠷ ᠲᠤᠰ ᠰᠢᠰᠲ᠋ᠧᠮ ᠨᠢ 2018 ᠤᠨ ᠤ 6 ᠰᠠᠷ᠎ᠠ ᠳ᠋ᠤ ᠲᠠᠭᠤᠰᠴᠤ ᠠᠰᠢᠭᠯᠠᠯᠲᠠ ᠤᠷᠤᠭᠤᠯᠬᠤ ᠪᠡᠷ ᠲᠦᠯᠦᠪᠯᠡᠵᠦ ᠪᠠᠶᠢᠨ᠎ᠠ᠃

    ᠮᠤᠩᠭᠤᠯ ᠢ ᠬᠢᠲᠠᠳ ᠢᠶᠡᠷ ᠤᠨᠯᠠᠶᠢᠨ ᠢᠶᠡᠷ ᠤᠷᠴᠢᠭᠤᠯᠬᠤ ᠰᠢᠰᠲ᠋ᠧᠮ ᠢ ᠰᠤᠲᠤᠯᠤᠨ ᠪᠦᠲᠦᠭᠡᠬᠦ ᠠᠵᠢᠯ ᠤᠨ ᠪᠠᠭ ᠤᠨ ᠭᠡᠰᠢᠬᠦᠨ᠂ ᠬᠦᠬᠡᠬᠤᠲᠠ ᠦᠨᠳᠦᠰᠦᠲᠡᠨ ᠤ ᠲᠡᠭᠡᠳᠦ ᠰᠤᠷᠭᠠᠭᠤᠯᠢ ᠶᠢᠨ ᠺᠤᠮᠫᠢᠦ᠋ᠲ᠋ᠧᠷ ᠤᠨ ᠰᠠᠯᠪᠤᠷᠢ ᠶᠢᠨ ᠲᠡᠳ᠋ ᠫᠷᠤᠹᠧᠰᠰᠤᠷ ᠪᠤᠤ ᠦᠭᠡᠲᠡᠯᠡ ᠶᠢᠨ ᠲᠠᠨᠢᠯᠴᠠᠭᠤᠯᠤᠭᠰᠠᠨ ᠢᠶᠡᠷ᠂ ᠲᠤᠰ ᠰᠢᠰᠲ᠋ᠧᠮ ᠨᠢ ᠮᠡᠲᠡᠷᠡᠯ ᠤᠨ ᠢᠨᠲ᠋ᠧᠷᠨᠧᠲ ᠤᠨ ᠮᠡᠷᠭᠡᠵᠢᠯ ᠢ ᠬᠡᠷᠡᠭᠯᠡᠭᠰᠡᠨ ᠢᠶᠡᠷ ᠮᠤᠩᠭᠤᠯ ᠢ ᠬᠢᠲᠠᠳ ᠢᠶᠡᠷ ᠤᠷᠴᠢᠭᠤᠯᠬᠤ ᠤᠨᠤᠪᠴᠢ ᠶᠢᠨ ᠬᠡᠮᠵᠢᠶ᠌᠎ᠠ ᠦᠨᠳᠦᠷ᠂ ᠦᠭᠡᠷ᠎ᠡ ᠪᠤᠰᠤᠳ ᠤᠨᠯᠠᠶᠢᠨ ᠢᠶᠡᠷ ᠤᠷᠴᠢᠭᠤᠯᠬᠤ ᠰᠢᠰᠲ᠋ᠧᠮ ᠲᠠᠢ ᠬᠠᠷᠢᠴᠠᠭᠤᠯᠪᠠᠯ ᠬᠡᠯᠡ ᠨᠠᠶᠢᠷᠠᠭᠤᠯᠭ᠎ᠠ ᠲᠤᠲᠤ ᠠᠪᠰᠠᠷ᠂ ᠵᠦᠪ ᠤᠶᠢᠯᠠᠭᠠᠮᠵᠢᠲᠠᠢ ᠪᠡᠷ ᠢᠶᠡᠨ ᠤᠨᠴᠠᠯᠠᠭᠲᠠᠨ᠎ᠠ᠃ ᠦᠭᠡᠰ ᠤᠨ ᠰᠠᠩ ᠨᠢ ᠭᠤᠤᠯᠲᠠᠭᠤ ᠡᠲᠦᠷ ᠲᠤᠲᠤᠮ ᠤᠨ ᠬᠡᠷᠡᠭᠯᠡᠭᠡ᠂ ᠮᠡᠲᠡᠭᠡ ᠮᠡᠲᠡᠭᠡᠯᠡᠯ᠂ ᠤᠯᠤᠰ ᠲᠦᠷᠦ᠂ ᠰᠤᠷᠭᠠᠨ ᠬᠦᠮᠦᠵᠢᠯ᠂ ᠬᠠᠦᠯᠢ ᠴᠠᠭᠠᠵᠠ᠂ ᠠᠯᠪᠠᠨ ᠪᠢᠴᠢᠭ᠌ ᠵᠡᠷᠭᠡ ᠴᠠᠷᠠᠭ᠎ᠠ ᠬᠦᠷᠢᠶᠠᠨ ᠤ ᠬᠢ ᠪᠠᠶᠢᠵᠤ ᠤᠲᠤᠬᠠᠨ ᠳ᠋ᠤ 40 ᠲᠦᠮᠡᠨ ᠦᠭᠡ ᠦᠭᠦᠯᠡᠪᠦᠷᠢ ᠶᠢ ᠨᠢᠭᠡᠨᠲᠡ ᠬᠤᠷᠢᠶᠠᠨ ᠤᠷᠤᠭᠤᠯᠪᠠ᠃ ᠰᠤᠲᠤᠯᠤᠨ ᠦᠢᠯᠡᠳᠬᠦ ᠶᠠᠪᠤᠴᠠ ᠳ᠋ᠤ ᠬᠡᠯᠡ ᠵᠦᠢ᠂ ᠮᠡᠷᠭᠡᠵᠢᠯ ᠤᠨ ᠲᠠᠯ᠎ᠠ ᠪᠡᠷ ᠰᠠᠭᠠᠳ ᠤᠴᠠᠷᠠᠵᠤ ᠦᠷᠬᠦᠯᠵᠢᠯᠡᠨ ᠴᠢᠷᠮᠠᠶᠢᠨ ᠰᠢᠢᠳᠪᠦᠷᠢᠯᠡᠬᠦ ᠴᠢᠬᠤᠯᠠᠲᠠᠢ ᠪᠠᠶᠢᠨ᠎ᠠ ᠭᠡᠵᠡᠢ᠃

    ᠮᠤᠩᠭᠤᠯ ᠢ ᠬᠢᠲᠠᠳ ᠢᠶᠡᠷ ᠤᠨᠯᠠᠶᠢᠨ ᠢᠶᠡᠷ ᠤᠷᠴᠢᠭᠤᠯᠬᠤ ᠰᠢᠰᠲ᠋ᠧᠮ ᠢ ᠬᠦᠬᠡᠬᠤᠲᠠ ᠦᠨᠳᠦᠰᠦᠲᠡᠨ ᠤ ᠲᠡᠭᠡᠳᠦ ᠰᠤᠷᠭᠠᠭᠤᠯᠢ ᠪᠠ ᠲᠦᠪ ᠤᠨ ᠦᠨᠳᠦᠰᠦᠲᠡᠨ ᠤ ᠶᠡᠬᠡ ᠰᠤᠷᠭᠠᠭᠤᠯᠢ  ᠬᠠᠮᠲᠤᠷᠠᠨ ᠰᠤᠲᠤᠯᠤᠨ ᠦᠢᠯᠡᠳᠴᠦ ᠪᠠᠶᠢᠭ᠎ᠠ ᠶᠤᠮ᠃ ᠡᠨᠡᠬᠦ ᠠᠵᠢᠯ ᠢ 2011 ᠤᠨ ᠡᠴᠡ ᠡᠬᠢᠯᠡᠨ ᠪᠤᠷᠤ ᠲᠦᠯᠦᠪ ᠲᠤᠭᠲᠠᠭᠠᠵᠤ 2013 ᠤᠨ ᠳ᠋ᠤ ᠬᠠᠮᠤᠭ ᠤᠨ ᠠᠠᠩᠬᠠᠨ ᠤ ᠵᠠᠭᠪᠤᠷ ᠪᠠ ᠬᠡᠰᠡᠭ ᠦᠭᠡᠰ ᠤᠨ ᠰᠠᠩ ᠢ ᠪᠦᠷᠢᠯᠲᠦᠭᠦᠯᠵᠦ 2015 ᠤᠨ ᠳ᠋ᠤ ᠮᠤᠩᠭᠤᠯ ᠢ ᠬᠢᠲᠠᠳ ᠢᠶᠡᠷ ᠤᠨᠯᠠᠶᠢᠨ ᠢᠶᠡᠷ ᠤᠷᠴᠢᠭᠤᠯᠬᠤ ᠰᠢᠰᠲ᠋ᠧᠮ ᠦᠨᠳᠦᠰᠦᠨ ᠳ᠋ᠡᠭᠡᠨ ᠪᠦᠷᠢᠯᠲᠦᠪᠡ᠃ ᠰᠡᠬᠦᠯ ᠤᠨ ᠦᠶ᠎ᠠ ᠳ᠋ᠤ ᠬᠦᠬᠡᠬᠤᠲᠠ ᠦᠨᠳᠦᠰᠦᠲᠡᠨ ᠤ ᠲᠡᠭᠡᠳᠦ ᠰᠤᠷᠭᠠᠭᠤᠯᠢ《ᠮᠤᠩᠭᠤᠯ ᠰᠦᠯᠵᠢᠶᠠᠨ ᠤ ᠠᠭᠤᠯᠭ᠎ᠠ ᠨᠡᠶᠢᠲᠡᠯᠡᠬᠦ ᠪᠠ ᠬᠠᠮᠢᠶᠠᠷᠤᠯᠲᠠ ᠶᠢᠨ ᠰᠢᠰᠲ᠋ᠧᠮ》᠂《ᠪᠠᠭᠠᠴᠤᠳ ᠬᠡᠦᠬᠡᠳ ᠲᠤ ᠬᠠᠨᠲᠤᠭᠤᠯᠤᠭᠰᠠᠨ ᠲᠠᠭᠤᠲᠤ ᠤᠩᠰᠢᠯᠭ᠎ᠠ ᠶᠢᠨ ᠬᠦᠮᠦᠷᠭᠡ》 ᠂ 《ᠮᠤᠩᠭᠤᠯ ᠬᠢᠲᠠᠳ ᠠᠯᠤᠰᠯᠠᠭᠰᠠᠨ ᠢᠨᠲ᠋ᠧᠷᠨᠧᠲ ᠶᠠᠷᠢᠶ᠎ᠠ ᠬᠡᠯᠡᠯᠴᠡᠭᠡᠨ ᠤ ᠬᠤᠷᠠᠮᠲᠤᠯ ᠪᠠ ᠵᠠᠲᠠᠯᠤᠯᠲᠠ》 ᠵᠡᠷᠭᠡ ᠮᠡᠲᠡᠭᠡ ᠵᠠᠩᠬᠢᠴᠢᠯᠠᠯᠲᠠ ᠶᠢᠨ ᠦᠷ᠎ᠠ ᠪᠦᠲᠦᠭᠡᠯ ᠲᠠᠢ᠃

ᠢᠷᠡᠯᠳᠡ᠄ ᠰᠢᠨᠬᠤᠧᠠ ᠮᠤᠩᠭᠤᠯ ᠨᠧᠲ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011120791121675041