蒙古文网站Logo
ᠰᠢᠨᠬᠤᠸᠠ ᠮᠤᠩᠭ᠋ᠤᠯ ᠨᠧᠲ

31 ᠳ᠋ᠤᠬᠡᠷ ᠬᠤᠭᠤᠴᠠᠭᠠᠨ ᠤ ᠳᠤᠮᠳᠠᠳᠤ ᠤᠯᠤᠰ ᠤᠨ ᠺᠢᠨᠣ᠋ ᠤᠷᠠᠯᠢᠭ ᠤᠨ ᠠᠯᠳᠠᠨ ᠳᠠᠬᠢᠶ᠎ᠠ ᠱᠠᠩᠨᠠᠯ ᠤᠨ ᠡᠵᠡᠨ ᠲᠤᠳᠤᠷᠠᠵᠤ 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠬᠦᠰᠢᠬᠡ ᠪᠠᠨ ᠬᠠᠭᠠᠯ᠎ᠠ

2017-09-17 13:23

    9 ᠰᠠᠷ᠎ᠠ ᠶᠢᠨ 16 ᠤ ᠡᠳᠤᠷ᠂ 31 ᠳ᠋ᠤᠬᠡᠷ ᠬᠤᠭᠤᠴᠠᠭᠠᠨ ᠤ ᠳᠤᠮᠳᠠᠳᠤ ᠤᠯᠤᠰ ᠤᠨ ᠺᠢᠨᠣ᠋ ᠤᠷᠠᠯᠢᠭ ᠤᠨ ᠠᠯᠳᠠᠨ ᠳᠠᠬᠢᠶ᠎ᠠ ᠱᠠᠩᠨᠠᠯ ᠤᠯᠭᠤᠬᠤ ᠶᠤᠰᠤᠯᠠᠯ ᠵᠢᠴᠢ 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠤᠨ ᠬᠠᠭᠠᠯᠳᠠ ᠶᠢᠨ ᠠᠵᠢᠯᠯᠠᠭ᠎ᠠ ᠦᠵᠡᠰᠬᠦᠯᠡᠩᠳᠤ ᠰᠠᠶᠢᠬᠠᠨ ᠬᠦᠬᠡᠬᠤᠳᠠ ᠳᠤ ᠶᠠᠪᠤᠭᠳᠠᠯ᠎ᠠ᠃ ᠲᠤᠰ ᠤᠷᠤᠢ᠂ 31 ᠳ᠋ᠤᠬᠡᠷ ᠬᠤᠭᠤᠴᠠᠭᠠᠨ ᠤ ᠳᠤᠮᠳᠠᠳᠤ ᠤᠯᠤᠰ ᠤᠨ ᠺᠢᠨᠣ᠋ ᠤᠷᠠᠯᠢᠭ ᠤᠨ ᠠᠯᠳᠠᠨ ᠳᠠᠬᠢᠶ᠎ᠠ ᠱᠠᠩᠨᠠᠯ ᠤᠨ ᠰᠢᠯᠢᠳᠡᠭ ᠱᠠᠩᠨᠠᠯ ᠢ ᠲᠤᠳᠤᠷᠠᠭᠤᠯᠵᠤ᠂ ᠭᠤᠤᠯ ᠲᠦᠷᠢ ᠶᠢᠨ ᠡᠮᠡᠭᠲᠡᠢ ᠲᠤᠭᠯᠠᠭᠴᠢ ᠶᠢᠨ ᠰᠢᠯᠢᠳᠡᠭ ᠱᠠᠩᠨᠠᠯ ᠢ ᠹᠠᠨ ᠪᠢᠩ ᠪᠢᠩ᠂ ᠡᠷᠡᠭᠲᠡᠢ ᠲᠤᠭᠯᠠᠭᠴᠢ ᠶᠢᠨ ᠰᠢᠯᠢᠳᠡᠭ ᠱᠠᠩᠨᠠᠯ ᠢ ᠳ᠋ᠧᠩ ᠴᠤᠤ ᠭᠠᠷᠳᠠᠵᠤ᠂ ᠹᠧᠩ ᠰᠢᠶᠤᠤ ᠭᠠᠩ ᠰᠢᠯᠢᠳᠡᠭ ᠤᠳᠤᠷᠢᠳᠤᠭᠠᠴᠢ ᠶᠢᠨ ᠱᠠᠩᠨᠠᠯ ᠬᠦᠷᠳᠡᠵᠡᠢ᠂ ᠡᠬᠦᠨ ᠡᠴᠡ ᠭᠠᠳᠠᠨ᠎ᠠ᠂ ᠲᠡᠳ᠋ ᠲᠦᠷᠢ ᠲᠤᠭᠯᠠᠭᠴᠢ ᠶᠢᠨ ᠰᠢᠯᠢᠳᠡᠭ ᠱᠠᠩᠨᠠᠯ ᠵᠡᠷᠬᠡ ᠪᠤᠰᠤᠳ ᠱᠠᠩᠨᠠᠯ ᠤᠨ ᠡᠵᠡᠳ ᠮᠦᠨ ᠨᠢᠬᠡᠳ ᠨᠢᠬᠡ ᠪᠡᠷ ᠲᠤᠳᠤᠷᠠᠪᠠ᠃ ᠢᠩᠬᠢᠬᠡᠳ 4 ᠡᠳᠤᠷ ᠤᠨ ᠬᠤᠭᠤᠴᠠᠭ᠎ᠠ ᠲᠠᠢ ᠶᠠᠪᠤᠭᠳᠠᠭᠰᠠᠨ 《ᠠᠯᠳᠠᠨ ᠳᠠᠬᠢᠶ᠎ᠠ ᠴᠡᠴᠡᠬᠡᠰ》 ᠺᠢᠨᠣ᠋ ᠶᠢᠨ ᠨᠠᠶᠢᠷ ᠠᠮᠵᠢᠯᠳᠠ ᠲᠠᠢ ᠬᠦᠰᠢᠬᠡ ᠪᠠᠨ ᠬᠠᠭᠠᠯ᠎ᠠ᠃ 27 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠢᠷᠡᠬᠦ ᠵᠢᠯ ᠭᠤᠸᠠᠩᠳ᠋ᠦ᠋ᠩ ᠮᠤᠵᠢ ᠶᠢᠨ ᠹᠦᠧᠧ ᠱᠠᠨ ᠬᠤᠳᠠ ᠳᠤ ᠵᠤᠬᠢᠶᠠᠨ ᠪᠠᠶᠢᠭᠤᠯᠤᠭᠳᠠᠨ᠎ᠠ᠃ ( ᠵᠢᠷᠤᠭ ᠢ ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠳ᠋ᠧᠩ ᠬᠤᠸᠠ)

31 ᠳ᠋ᠤᠬᠡᠷ ᠬᠤᠭᠤᠴᠠᠭᠠᠨ ᠤ ᠳᠤᠮᠳᠠᠳᠤ ᠤᠯᠤᠰ ᠤᠨ ᠺᠢᠨᠣ᠋ ᠤᠷᠠᠯᠢᠭ ᠤᠨ ᠠᠯᠳᠠᠨ ᠳᠠᠬᠢᠶ᠎ᠠ ᠱᠠᠩᠨᠠᠯ ᠤᠨ ᠭᠤᠤᠯ ᠲᠦᠷᠢ ᠶᠢᠨ ᠡᠮᠡᠭᠲᠡᠢ ᠲᠤᠭᠯᠠᠭᠴᠢ ᠶᠢᠨ ᠰᠢᠯᠢᠳᠡᠭ ᠱᠠᠩᠨᠠᠯ ᠲᠤᠰᠤᠭᠰᠠᠨ ᠹᠠᠨ ᠪᠢᠩ ᠪᠢᠩ

31 ᠳ᠋ᠤᠬᠡᠷ ᠬᠤᠭᠤᠴᠠᠭᠠᠨ ᠤ ᠳᠤᠮᠳᠠᠳᠤ ᠤᠯᠤᠰ ᠤᠨ ᠺᠢᠨᠣ᠋ ᠤᠷᠠᠯᠢᠭ ᠤᠨ ᠠᠯᠳᠠᠨ ᠳᠠᠬᠢᠶ᠎ᠠ ᠱᠠᠩᠨᠠᠯ ᠤᠨ ᠭᠤᠤᠯ ᠲᠦᠷᠢ ᠶᠢᠨ ᠡᠷᠡᠭᠲᠡᠢ ᠲᠤᠭᠯᠠᠭᠴᠢ ᠶᠢᠨ ᠰᠢᠯᠢᠳᠡᠭ ᠱᠠᠩᠨᠠᠯ ᠲᠤᠰᠤᠭᠰᠠᠨ ᠳ᠋ᠧᠩ ᠴᠤᠤ

31 ᠳ᠋ᠤᠬᠡᠷ ᠬᠤᠭᠤᠴᠠᠭᠠᠨ ᠤ ᠳᠤᠮᠳᠠᠳᠤ ᠤᠯᠤᠰ ᠤᠨ ᠺᠢᠨᠣ᠋ ᠤᠷᠠᠯᠢᠭ ᠤᠨ ᠠᠯᠳᠠᠨ ᠳᠠᠬᠢᠶ᠎ᠠ ᠱᠠᠩᠨᠠᠯ ᠤᠨ ᠰᠢᠯᠢᠳᠡᠭ ᠤᠳᠤᠷᠢᠳᠤᠭᠠᠴᠢ ᠶᠢᠨ ᠱᠠᠩᠨᠠᠯ ᠲᠤᠰᠤᠭᠰᠠᠨ ᠹᠧᠩ ᠰᠢᠶᠤᠤ ᠭᠠᠩ

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011120691121676900