蒙古文网站Logo
ᠰᠢᠨᠬᠤᠸᠠ ᠮᠤᠩᠭ᠋ᠤᠯ ᠨᠧᠲ

ᠲᠤᠮᠳᠠᠳᠤ ᠮᠤᠩᠭ᠋ᠤᠯ ᠤᠷᠤᠰ ᠤᠨ ᠮᠡᠷᠬᠡᠳ ᠤᠨ ᠵᠦᠪᠯᠡᠯ ᠤᠨ ᠤᠯᠠᠨ ᠤᠯᠤᠰ ᠤᠨ ᠹᠤᠷᠦ᠋ᠮ 2017 ᠤᠨ ᠤ 9 ᠰᠠᠷ᠎ᠠ ᠶᠢᠨ 18 ᠤ ᠡᠳᠤᠷ ᠶᠠᠪᠤᠭᠳᠠᠨ᠎ᠠ

2017-09-17 13:23

    ᠰᠢᠨᠬᠤᠸᠠ ᠨᠧᠲ ᠬᠦᠬᠡᠬᠤᠳᠠ ᠶᠢᠨ 9 ᠰᠠᠷ᠎ᠠ ᠶᠢᠨ 15 ᠤ ᠡᠳᠤᠷ ᠤᠨ ᠴᠠᠬᠢᠯᠭᠠᠨ ᠮᠡᠳᠡᠬᠡ ( ᠰᠤᠷᠪᠤᠯᠵᠢᠯᠠᠭᠴᠢ ᠸᠠᠩ ᠵᠢᠩ) ᠰᠤᠷᠪᠤᠯᠵᠢᠯᠠᠭᠴᠢ 15 ᠤ ᠡᠳᠤᠷ ᠦᠪᠦᠷ ᠮᠤᠩᠭ᠋ᠤᠯ ᠤᠨ ᠵᠠᠰᠠᠭ ᠤᠨ ᠤᠷᠳᠤᠨ ᠤ ᠬᠡᠪᠯᠡᠯ ᠮᠡᠳᠡᠬᠡᠯᠡᠯ ᠤᠨ ᠠᠯᠪᠠᠨ ᠡᠴᠡ ᠤᠶᠢᠯᠠᠭᠠᠭᠰᠠᠨ ᠢᠶᠡᠷ᠂ 《 ᠲᠤᠮᠳᠠᠳᠤ ᠮᠤᠩᠭ᠋ᠤᠯ ᠤᠷᠤᠰ ᠤᠨ ᠮᠡᠷᠬᠡᠳ ᠤᠨ ᠵᠦᠪᠯᠡᠯ ᠤᠨ ᠤᠯᠠᠨ ᠤᠯᠤᠰ ᠤᠨ ᠹᠤᠷᠦ᠋ᠮ 2017》ᠤᠨ ᠤ ᠬᠤᠷᠠᠯ 9 ᠰᠠᠷ᠎ᠠ ᠶᠢᠨ 18 ᠤ ᠡᠳᠤᠷ ᠡᠴᠡ 22  ᠤᠨ ᠡᠳᠤᠷ ᠪᠤᠯᠳᠠᠯ᠎ᠠ ᠤᠷᠤᠰ ᠤᠨ ᠪᠤᠷᠢᠶᠠᠳ ᠤᠨ ᠨᠡᠶᠢᠰᠯᠡᠯ ᠤᠯᠠᠭᠠᠠᠤᠳᠡ ᠬᠤᠳᠠ ᠳᠤ ᠵᠤᠬᠢᠶᠠᠨ ᠪᠠᠶᠢᠭᠤᠯᠤᠭᠳᠠᠨ᠎ᠠ᠃

    ᠲᠤᠰ ᠬᠤᠭᠤᠴᠠᠭᠠᠨ ᠤ ᠹᠤᠷᠦ᠋ᠮ 《 ᠲᠤᠮᠳᠠᠳᠤ ᠮᠤᠩᠭ᠋ᠤᠯ ᠤᠷᠤᠰ ᠤᠨ ᠡᠳ᠋ ᠤᠨ ᠵᠠᠰᠠᠭ ᠤᠨ ᠬᠤᠩᠬᠢᠯ᠂ ᠬᠦᠭ᠍ᠵᠢᠯᠳᠡ ᠶᠢᠨ ᠪᠤᠷᠤ ᠵᠢᠷᠤᠭ》 ᠢᠶᠡᠷ ᠭᠤᠤᠯ ᠰᠡᠳᠤᠪᠯᠡᠵᠤ᠂ ᠭᠤᠷᠪᠠᠨ ᠲᠠᠯ᠎ᠠ ᠶᠢᠨ ᠬᠢᠨ ᠬᠠᠮᠳᠤ ᠪᠡᠷ ᠠᠩᠬᠠᠷᠳᠠᠭ 《 ᠠᠰᠠᠭᠤᠳᠠᠯ ᠪᠤᠯᠤᠨ ᠬᠦᠭ᠍ᠵᠢᠯᠳᠡ ᠶᠢᠨ ᠪᠠᠶᠢᠳᠠᠯ》 《 ᠲᠡᠳ᠋ ᠪᠦᠲᠦᠴᠠ ᠪᠤᠯᠤᠨ ᠠᠷᠠᠯᠵᠢᠶ᠎ᠠ ᠬᠤᠳᠠᠯᠳᠤᠭ᠎ᠠ》 《 ᠬᠦᠳᠡᠬᠡ ᠠᠵᠤ ᠠᠬᠤᠢ᠂ ᠠᠶᠠᠯᠠᠯ ᠵᠢᠭᠤᠯᠴᠢᠯᠠᠯ᠂ ᠠᠮᠢ ᠠᠬᠤᠢ》 ᠪᠤᠯᠤᠨ 《 ᠰᠤᠶᠤᠯ ᠢᠷᠭᠡᠨᠰᠢᠯ ᠤᠨ ᠬᠠᠮᠳᠤ ᠶᠢᠨ ᠠᠵᠢᠯᠯᠠᠭ᠎ᠠ》 ᠵᠡᠷᠬᠡ ᠰᠡᠳᠤᠪ ᠤᠨ ᠲᠤᠭᠤᠷᠢᠨ ᠳᠤ ᠮᠡᠷᠬᠡᠳ ᠤᠨ ᠵᠦᠪᠯᠡᠯ ᠤᠨ ᠲᠤᠭᠤᠷᠠᠭ ᠰᠢᠷᠡᠭᠡᠨ ᠤ ᠬᠤᠷᠠᠯ᠂ ᠲᠤᠮᠳᠠᠳᠤ ᠮᠤᠩᠭ᠋ᠤᠯ ᠤᠷᠤᠰ ᠤᠨ ᠮᠡᠷᠬᠡᠳ ᠤᠨ ᠵᠦᠪᠯᠡᠯ ᠤᠨ ᠬᠠᠮᠳᠤᠷᠠᠭᠰᠠᠨ ᠬᠤᠯᠪᠤᠭ᠎ᠠ ᠪᠠᠶᠢᠭᠤᠯᠬᠤ ᠪᠤᠳᠤᠯ ᠢᠶᠡᠨ ᠰᠤᠯᠢᠯᠴᠠᠬᠤ᠂ ᠮᠡᠷᠬᠡᠳ ᠤᠨ ᠵᠦᠪᠯᠡᠯ ᠤᠨ ᠤᠯᠠᠨ ᠤᠯᠤᠰ ᠤᠨ ᠬᠠᠮᠳᠤ ᠶᠢᠨ ᠠᠵᠢᠯᠯᠠᠭ᠎ᠠ ᠪᠡᠡ ᠬᠦᠨᠵᠡᠬᠡᠶᠢᠷᠡᠬᠦᠯᠬᠦ ᠵᠡᠷᠬᠡ ᠠᠵᠢᠯᠯᠠᠭ᠎ᠠ ᠲᠤᠬᠢᠷᠠᠭᠤᠯᠵᠠᠢ᠃ ᠹᠤᠷᠦ᠋ᠮ ᠳᠤ ᠲᠤᠮᠳᠠᠳᠤ᠂ ᠮᠤᠩᠭ᠋ᠤᠯ ᠪᠤᠯᠤᠨ ᠤᠷᠤᠰ ᠤᠨ110 ᠭᠠᠷᠤᠢ ᠡᠷᠳᠡᠮᠳᠡᠨ ᠮᠡᠷᠬᠡᠵᠢᠯᠳᠡᠨ ᠤᠷᠤᠯᠴᠠᠨ᠎ᠠ᠂ ᠡᠬᠦᠨ ᠳᠤ ᠲᠤᠮᠳᠠᠳᠤ ᠶᠢᠨ ᠲᠠᠯ᠎ᠠ ᠶᠢᠨ 40 ᠭᠠᠷᠤᠢ ᠲᠦᠯᠦᠭᠡᠯᠡᠭᠴᠢ ᠂ ᠮᠤᠩᠭ᠋ᠤᠯ ᠤᠨ ᠲᠠᠯ᠎ᠠ ᠶᠢᠨ 20 ᠭᠠᠷᠤᠢ ᠲᠦᠯᠦᠭᠡᠯᠡᠭᠴᠢ᠂ ᠤᠷᠤᠰ ᠤᠨ ᠲᠠᠯ᠎ᠠ ᠶᠢᠨ 40 ᠭᠠᠷᠤᠢ ᠲᠦᠯᠦᠭᠡᠯᠡᠭᠴᠢ ᠲᠠᠢ᠃ ᠲᠤᠮᠳᠠᠳᠤ ᠶᠢᠨ ᠲᠠᠯ᠎ᠠ ᠶᠢᠨ ᠬᠢᠨ 40 ᠭᠠᠷᠤᠢ ᠦᠬᠦᠯᠡᠯ ᠲᠡᠪᠰᠢᠬᠦᠯᠵᠤ ᠡᠷᠳᠡᠮ ᠰᠢᠨᠵᠢᠯᠡᠬᠡᠨ ᠤ ᠰᠤᠯᠢᠯᠴᠠᠭ᠎ᠠ ᠬᠢᠬᠦ ᠪᠤᠯᠤᠨ᠎ᠠ᠃

    ᠲᠤᠮᠳᠠᠳᠤ ᠮᠤᠩᠭ᠋ᠤᠯ ᠤᠷᠤᠰ ᠤᠨ ᠮᠡᠷᠬᠡᠳ ᠤᠨ ᠵᠦᠪᠯᠡᠯ ᠤᠨ ᠬᠠᠮᠳᠤ ᠶᠢᠨ ᠠᠵᠢᠯᠯᠠᠭᠠᠨ ᠤ ᠬᠤᠯᠪᠤᠭ᠎ᠠ ᠪᠠᠶᠢᠭᠤᠯᠤᠭᠳᠠᠭᠰᠠᠨ ᠡᠴᠡ ᠨᠠᠰᠢ᠂ ᠬᠤᠯᠪᠤᠭᠠᠨ ᠳᠤ ᠠᠩᠬ᠎ᠠ ᠡᠬᠢᠨ ᠳᠤ ᠪᠠᠨ ᠭᠤᠷᠪᠠᠨ ᠲᠠᠯ᠎ᠠ ᠶᠢᠨ 30 ᠭᠠᠷᠤᠢ ᠪᠠᠶᠢᠭᠤᠯᠤᠮᠵᠢ ᠪᠠᠶᠢᠭᠰᠠᠨ ᠪᠠᠨ ᠤᠳᠤ 70 ᠭᠠᠷᠤᠢ ᠪᠠᠶᠢᠭᠤᠯᠤᠮᠵᠢ ᠪᠤᠯᠤᠨ ᠦᠷᠬᠡᠵᠢᠵᠡᠢ᠃ ᠲᠤᠮᠳᠠᠳᠤ ᠮᠤᠩᠭ᠋ᠤᠯ ᠤᠷᠤᠰ ᠤᠨ ᠮᠡᠷᠬᠡᠳ ᠤᠨ ᠵᠦᠪᠯᠡᠯ ᠤᠨ ᠬᠠᠮᠳᠤ ᠶᠢᠨ ᠠᠵᠢᠯᠯᠠᠭ᠎ᠠ ᠶᠢᠨ ᠬᠤᠯᠪᠤᠭᠠᠨ ᠤ ᠲᠠᠪᠴᠠᠩ ᠢ ᠠᠰᠢᠭᠯᠠᠨ ᠬᠤᠯᠪᠤᠭᠠᠨ ᠤ ᠬᠡᠰᠢᠬᠦᠳ ᠪᠤᠯᠤᠨ ᠬᠠᠨᠢᠳᠠᠳ《 ᠨᠢᠬᠡ ᠪᠦᠰᠡ ᠨᠢᠬᠡ ᠵᠠᠮ》 《 ᠬᠦᠭ᠍ᠵᠢᠯᠳᠡ ᠶᠢᠨ ᠵᠠᠮ》᠂《ᠧᠦᠷᠦ᠋ᠫᠠ ᠠᠽᠢᠶ᠎ᠠ ᠶᠢᠨ ᠡᠳ᠋ ᠤᠨ ᠵᠠᠰᠠᠭ ᠤᠨ ᠬᠤᠯᠪᠤᠭ᠎ᠠ》 ᠪᠤᠯᠤᠨ ᠲᠤᠮᠳᠠᠳᠤ ᠮᠤᠩᠭ᠋ᠤᠯ ᠤᠷᠤᠰ ᠤᠨ ᠡᠳ᠋ ᠤᠨ ᠵᠠᠰᠠᠭ ᠤᠨ ᠬᠤᠩᠬᠢᠯ ᠤᠨ ᠪᠠᠶᠢᠭᠤᠯᠤᠯᠳᠠ ᠶᠢᠨ ᠲᠤᠭᠤᠷᠢᠨ ᠳᠤ ᠬᠠᠮᠳᠤ ᠶᠢᠨ ᠬᠦᠰᠡᠯ ᠡᠪᠤᠷᠯᠡᠨ᠂ ᠬᠦᠨᠵᠡᠬᠡᠢ ᠰᠤᠳᠤᠯᠤᠨ ᠶᠠᠷᠢᠯᠴᠠᠬᠤ᠂ ᠦᠨᠡᠨᠴᠢ ᠪᠡᠷ ᠪᠤᠳᠤᠯ ᠢᠶᠡᠨ ᠰᠤᠯᠢᠯᠴᠠᠬᠤ᠂ ᠬᠠᠮᠳᠤ ᠶᠢᠨ ᠰᠤᠳᠤᠯᠭᠠᠨ ᠬᠢᠬᠦ ᠶᠢᠨ ᠲᠠᠭᠠᠤ ᠰᠠᠨᠠᠯ ᠵᠦᠪᠯᠡᠯᠬᠡ ᠬᠠᠩᠭ᠋ᠠᠨ᠎ᠠ᠃ ᠭᠤᠷᠪᠠᠨ ᠵᠢᠯ ᠤᠨ ᠲᠤᠷᠰᠢ᠂ ᠲᠤᠮᠳᠠᠳᠤ ᠮᠤᠩᠭ᠋ᠤᠯ ᠤᠷᠤᠰ ᠤᠨ ᠮᠡᠷᠬᠡᠳ ᠤᠨ ᠵᠦᠪᠯᠡᠯ ᠤᠨ ᠤᠯᠠᠨ ᠤᠯᠤᠰ ᠤᠨ ᠬᠤᠯᠪᠤᠭᠠᠨ ᠤ ᠲᠤᠭᠳᠠᠯᠴᠠᠭ᠎ᠠ ᠶᠢᠨ ᠪᠠᠶᠢᠭᠤᠯᠤᠯᠳᠠ ᠲᠤᠭᠳᠠᠭᠤᠨ ᠢᠶᠡᠷ ᠠᠬᠢᠵᠤ᠂ ᠭᠤᠷᠪᠠᠨ ᠤᠯᠤᠰ ᠤᠨ ᠮᠡᠷᠬᠡᠳ ᠤᠨ ᠵᠦᠪᠯᠡᠯ ᠤᠨ ᠬᠤᠭᠤᠷᠤᠨᠳᠤᠬᠢ ᠪᠤᠳᠠᠳᠠᠢ ᠬᠠᠮᠳᠤ ᠶᠢᠨ ᠠᠵᠢᠯᠯᠠᠭ᠎ᠠ ᠲᠠᠰᠤᠷᠠᠯᠳᠠ ᠦᠭᠡᠢ ᠰᠠᠶᠢᠵᠢᠷᠠᠵᠤ ᠪᠠᠶᠢᠨ᠎ᠠ᠃ 

ᠢᠷᠡᠯᠳᠡ᠄ ᠰᠢᠨᠬᠤᠸᠠ ᠨᠧᠲ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011120691121676902