蒙古文网站Logo
ᠰᠢᠨᠬᠤᠸᠠ ᠮᠤᠩᠭ᠋ᠤᠯ ᠨᠧᠲ

2017 ᠤᠨ ᠤ ᠦᠪᠦᠷ ᠮᠣᠩᠭᠣᠯ ᠤᠨ ᠤᠯᠤᠰ ᠤᠨ ᠢᠨᠲ᠋ᠸᠷᠨ᠋ᠸᠲ ᠤᠨ ᠠᠶᠤᠯᠭᠦᠢ ᠶᠢ ᠤᠬᠠᠭᠤᠯᠬᠤ ᠭᠠᠷᠠᠭ ᠤᠨ ᠠᠵᠢᠯᠯᠠᠭ᠎ᠠ 9 ᠰᠠᠷ᠎᠎ᠠ ᠶᠢᠨ 18 ᠡᠴᠡ 24 ᠤ ᠡᠳᠦᠷ ᠪᠤᠯᠲᠠᠯ᠎ᠠ ᠶᠠᠪᠤᠭᠳᠠᠨ᠎ᠠ

2017-09-18 15:10

    2017 ᠤᠨ ᠤ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠤᠯᠤᠰ ᠤᠨ ᠢᠨᠲ᠋ᠸᠷᠨ᠋ᠸᠲ ᠤᠨ ᠠᠶᠤᠯᠭᠦᠢ ᠶᠢ ᠤᠬᠠᠭᠤᠯᠬᠤ ᠭᠠᠷᠠᠭ ᠤᠨ ᠠᠵᠢᠯᠯᠠᠭ᠎ᠠ 9 ᠰᠠᠷ᠎ᠠ᠎ ᠶᠢᠨ 18 ᠡᠴᠡ 24 ᠤ ᠡᠳᠦᠷ ᠪᠤᠯᠲᠠᠯ᠎ᠠ ᠬᠦᠬᠡᠬᠤᠲᠠ ᠳᠤ ᠶᠠᠪᠤᠭᠳᠠᠨ᠎ᠠ᠃

    ᠡᠨᠡᠬᠦ ᠠᠵᠢᠯᠯᠠᠭ᠎ᠠ ᠨᠢ《ᠢᠨᠲ᠋ᠸᠷᠨ᠋ᠸᠲ ᠢ ᠠᠶᠤᠯᠭᠦᠢ ᠪᠠᠶᠢᠯᠭᠠᠬᠤ ᠨᠢ ᠢᠷᠭᠡᠳ ᠤᠨ ᠲᠦᠯᠦᠭᠡ᠂ ᠢᠨᠲ᠋ᠸᠷᠨ᠋ᠸᠲ ᠢ ᠠᠶᠤᠯᠭᠦᠢ ᠪᠠᠶᠢᠯᠭᠠᠬᠤ ᠳᠤ ᠢᠷᠭᠡᠳ  ᠲᠤ ᠲᠦᠰᠢᠭᠯᠡᠨ᠎ᠠ》 ᠬᠡᠮᠡᠬᠦ ᠭᠤᠤᠯ ᠰᠡᠲᠦᠪ ᠤᠨ ᠲᠤᠭᠤᠷᠢᠨ ᠳᠤ ᠶᠠᠪᠤᠭᠳᠠᠵᠤ᠂ ᠤᠯᠤᠰ ᠤᠨ ᠢᠨᠲ᠋ᠸᠷᠨ᠋ᠸᠲ ᠤᠨ ᠠᠶᠤᠯᠭᠦᠢ ᠶᠢᠨ ᠲᠡᠷᠢᠭᠦᠨ ᠤ ᠲᠦᠰᠦᠯ᠂ ᠬᠠᠤᠯᠢ ᠴᠠᠭᠠᠵᠠ ᠳᠦᠷᠢᠮ ᠲᠤᠭᠲᠠᠭᠠᠯ᠂ ᠮᠡᠷᠭᠡᠵᠢᠯ ᠤᠨ ᠰᠢᠨ᠎ᠠ ᠡᠭᠦᠳᠦᠯᠲᠠ᠂ ᠪᠠᠷᠢᠮᠵᠢᠢ᠎ᠠ ᠶᠢ ᠵᠢᠷᠤᠮᠵᠢᠭᠤᠯᠬᠤ᠂ ᠴᠢᠳᠠᠪᠤᠷᠢᠲᠠᠨ ᠬᠦᠮᠦᠵᠢᠭᠦᠯᠬᠦ᠂ ᠠᠵᠤ ᠦᠢᠯᠡᠰ ᠤᠨ ᠬᠦᠭ᠍ᠵᠢᠯᠲᠠ᠂ ᠰᠤᠷᠭᠠᠨ ᠬᠦᠮᠦᠵᠢᠯ ᠢ ᠤᠬᠠᠭᠤᠯᠬᠤ ᠵᠡᠷᠭᠡ ᠲᠠᠯ᠎ᠠ ᠪᠡᠷ ᠤᠯᠤᠭᠰᠠᠨ ᠠᠮᠵᠢᠯᠲᠠ ᠪᠦᠲᠦᠭᠡᠯ ᠪᠤᠯᠤᠨ ᠦᠪᠦᠷ ᠮᠣᠩᠭᠣᠯ ᠤᠨ ᠢᠨᠲ᠋ᠸᠷᠨ᠋ᠸᠲ ᠤᠨ ᠠᠶᠤᠯᠭᠦᠢ ᠶᠢᠨ ᠦᠷ᠎ᠡ᠎ ᠪᠦᠲᠦᠮᠵᠢ ᠶᠢ ᠭᠤᠤᠯᠳᠠᠯᠭ᠎ᠠ ᠲᠠᠢ ᠤᠬᠠᠭᠤᠯᠤᠨ᠂《ᠢᠨᠲ᠋ᠸᠷᠨ᠋ᠸᠲ ᠤᠨ ᠠᠶᠤᠯᠭᠦᠢ ᠶᠢᠨ ᠬᠠᠤᠯᠢ》 ᠶᠢ ᠤᠬᠠᠭᠤᠯᠤᠨ ᠲᠤᠤᠱᠯᠠᠭᠤᠯᠬᠤ ᠶᠢᠨ ᠬᠠᠮᠲᠤ ᠦᠵᠡᠰᠭᠦᠯᠡᠩ᠂ ᠹᠤᠷᠦ᠋ᠮ ᠤᠨ ᠰᠤᠷᠭᠠᠯᠲᠠ᠂ ᠮᠡᠳᠡᠯᠭᠡ ᠶᠢᠨ ᠤᠷᠤᠯᠳᠤᠭᠠᠨ ᠵᠡᠷᠭᠡ ᠠᠷᠭ᠎᠎ᠠ ᠪᠠᠷᠢᠯ ᠢᠶᠡᠷ ᠤᠷᠤᠨ ᠳᠠᠶᠠᠭᠠᠷ ᠤᠨ ᠬᠦᠮᠦᠰ ᠢ ᠤᠷᠤᠯᠴᠠᠭᠤᠯᠬᠤ ᠪᠠ ᠢᠨᠲ᠋ᠸᠷᠨ᠋ᠸᠲ ᠤᠨ ᠠᠶᠤᠯᠭᠦᠢ ᠶᠢ ᠤᠬᠠᠭᠤᠯᠬᠤ ᠰᠤᠷᠭᠠᠨ ᠬᠦᠮᠦᠵᠢᠯ ᠤᠨ ᠠᠵᠢᠯᠯᠠᠭ᠎ᠠ ᠶᠢ ᠶᠠᠪᠤᠭᠳᠠᠭᠤᠯᠬᠤ ᠪᠤᠯᠤᠨ᠎ᠠ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011100001121682353