蒙古文网站Logo
ᠰᠢᠨᠬᠤᠸᠠ ᠮᠤᠩᠭ᠋ᠤᠯ ᠨᠧᠲ

ᠳᠤᠮᠳᠠᠳᠤ ᠤᠯᠤᠰ ᠤᠨ《ᠬᠠᠮᠤᠭ ᠤᠨ ᠰᠡᠭᠦᠯᠴᠢ》  ᠶᠢᠨ ᠤᠯᠤᠰ ᠤᠨ ᠬᠠᠤᠯᠢ ᠴᠠᠭᠠᠵᠠ ᠶᠢᠨ ᠰᠢᠯᠭᠠᠯᠲᠠ ᠶᠠᠪᠤᠭᠳᠠᠪᠠ

2017-09-18 17:16

    《ᠬᠠᠮᠤᠭ ᠤᠨ ᠰᠡᠭᠦᠯᠴᠢ》  ᠶ᠋ᠢᠨ ᠤᠯᠤᠰ ᠤᠨ ᠬᠠᠤᠯᠢ ᠴᠠᠭᠠᠵᠠ ᠶᠢᠨ ᠰᠢᠯᠭᠠᠯᠲᠠ 9 ᠰᠠᠷ᠎ᠠ ᠶᠢᠨ 16 ᠡᠴᠡ 17 ᠤ ᠡᠳᠦᠷ ᠪᠤᠯᠲᠠᠯ᠎ᠠ ᠮᠠᠨ ᠤ ᠤᠯᠤᠰ ᠤᠨ ᠡᠯ᠎᠎ᠡ ᠪᠦᠰᠡ ᠨᠤᠲᠤᠭ ᠲᠤ ᠶᠠᠪᠤᠭᠳᠠᠪᠠ᠃ ᠨᠠᠮ ᠤᠨ ᠲᠦᠪ ᠬᠤᠷᠢᠶᠠᠨ ᠤ ᠠᠯᠪᠠᠨ ᠪᠤᠯᠤᠨ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠡᠴᠡ《 ᠤᠯᠤᠰ ᠤᠨ ᠨᠢᠭᠡᠳᠦᠯᠲᠠᠢ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠬᠡᠮ ᠤᠨ ᠳᠦᠷᠢᠮ ᠢ ᠲᠡᠭᠦᠯᠳᠡᠷᠵᠢᠭᠦᠯᠬᠦ ᠲᠤᠬᠠᠢ ᠰᠠᠨᠠᠯ 》 ᠢ᠋ ᠬᠡᠪᠯᠡᠨ ᠲᠠᠷᠬᠠᠭᠠᠵᠤ᠂ ᠳᠠᠷᠠᠭ᠎ᠠ ᠵᠢᠯ ᠡᠴᠡ ᠡᠬᠢᠯᠡᠨ ᠡᠨᠡᠬᠦ ᠰᠢᠯᠭᠠᠯᠲᠠ ᠶᠢ《 ᠤᠯᠤᠰ ᠤᠨ ᠨᠢᠭᠡᠳᠦᠯᠲᠠᠢ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠬᠡᠮ ᠤᠨ ᠰᠢᠯᠭᠠᠯᠲᠠ》 ᠪᠤᠯᠭᠠᠨ ᠦᠭᠡᠷᠡᠴᠢᠯᠡᠬᠦ ᠪᠡᠷ ᠲᠤᠬᠳᠠᠭᠠᠵᠠᠢ᠃ ᠰᠢᠭᠦᠭ᠍ᠴᠢ᠂ ᠪᠠᠶᠢᠴᠠᠭᠠᠭᠴᠢ᠂ ᠬᠠᠤᠯᠢᠴᠢ᠂ ᠪᠠᠲᠤᠯᠠᠭᠴᠢ ᠨᠠᠷ ᠡᠷᠬᠡᠪᠰᠢ ᠡᠨᠡᠬᠦ ᠬᠢᠷᠢ ᠬᠡᠮ ᠤᠨ ᠰᠢᠯᠭᠠᠯᠲᠠ ᠳᠤ ᠤᠷᠤᠯᠴᠠᠨ ᠬᠢᠷᠢ ᠲᠡᠡᠭᠴᠡᠭᠰᠡᠨ ᠪᠠᠢᠢᠬᠤ ᠪᠠᠷ ᠪᠠᠷᠠᠬᠤ ᠦᠭᠡᠢ᠂ ᠵᠠᠰᠠᠬ ᠵᠠᠬᠢᠷᠭᠠᠨ ᠤ ᠰᠢᠳᠭᠡᠯ ᠢ ᠬᠢᠨᠠᠨ ᠬᠠᠷᠭᠤᠭᠤᠯᠤᠬᠴᠢ᠂ ᠵᠠᠰᠠᠬ ᠵᠠᠬᠢᠷᠭᠠᠨ ᠤ ᠳᠠᠬᠢᠨ ᠬᠢᠨᠠᠯᠲᠠ᠂ ᠵᠠᠰᠠᠬ ᠵᠠᠬᠢᠷᠭᠠᠨ ᠤ ᠲᠠᠰᠤᠯᠤᠨ ᠰᠶ᠋᠋ᠢᠳᠪᠦᠷᠢᠯᠡᠬᠦ ᠠᠵᠢᠯᠲᠠᠨ ᠵᠢᠴᠢ ᠬᠠᠤᠯᠢ ᠴᠠᠭᠠᠵᠠ ᠶᠢᠨ ᠵᠦᠪᠯᠡᠭᠴᠢ᠂ ᠬᠠᠤᠯᠢ ᠴᠠᠭᠠᠵᠠ ᠶᠢᠨ ᠲᠠᠯ᠎ᠠ ᠵᠢᠨ ᠬᠦᠨᠳᠡᠯᠡᠨ ᠡᠴᠡ ᠲᠠᠰᠤᠯᠤᠬᠴᠢ ᠴᠤ ᠲᠤᠰ ᠰᠢᠯᠭᠠᠯᠲᠠ ᠳᠤ ᠤᠷᠤᠯᠴᠠᠵᠤ ᠬᠢᠷᠢ ᠲᠡᠡᠭᠴᠡᠭᠰᠡᠨ ᠪᠠᠶᠢᠬᠤ ᠬᠡᠷᠡᠭᠲᠠᠢ᠃

    ᠤᠶᠢᠯᠠᠭᠠᠭᠰᠠᠨ ᠢᠶᠡᠷ᠂ ᠳᠠᠷᠠᠭ᠎ᠠ ᠵᠢᠯ ᠡᠴᠡ ᠡᠬᠢᠯᠡᠨ ᠰᠢᠨ᠎ᠠ ᠰᠢᠯᠭᠠᠯᠲᠠ ᠶᠢᠨ ᠳᠦᠷᠢᠮ ᠢ ᠬᠡᠷᠡᠭᠵᠢᠭᠦᠯᠬᠦ ᠪᠤᠯᠬᠤᠷ᠂ ᠦᠨᠦ ᠵᠢᠯ ᠰᠢᠯᠭᠠᠯᠲᠠ ᠳᠤ ᠨᠡᠷ᠎ᠠ ᠮᠡᠳᠡᠭᠦᠯᠦᠭᠰᠡᠨ ᠬᠦᠮᠦᠨ ᠤ ᠲᠤᠭ᠎ᠠ 64.9 ᠲᠦᠮᠡ ᠭᠠᠷᠤᠢ ᠪᠤᠯᠵᠦ 10.35% ᠪᠡᠷ ᠨᠡᠮᠡᠭᠳᠡᠪᠡ᠃ ᠠᠩᠬᠠᠨ ᠤ ᠲᠠᠯᠠᠪᠠᠢ ᠶᠢᠨ ᠰᠢᠯᠭᠠᠯᠲᠠ ᠳᠤ ᠤᠷᠤᠯᠴᠠᠭᠰᠠᠨ ᠬᠦᠮᠦᠨ ᠤ ᠲᠤᠭ᠎ᠠ 48.9 ᠲᠦᠮᠡ ᠭᠠᠷᠤᠢ ᠳᠤ ᠬᠦᠷᠴᠤ᠂ ᠰᠢᠯᠭᠠᠯᠲᠠ ᠳᠤ ᠤᠷᠤᠯᠴᠠᠭᠰᠠᠨ ᠬᠦᠮᠦᠨ ᠤ ᠲᠤᠭ᠎ᠠ ᠦᠩᠭᠡᠷᠡᠭᠰᠡᠨ ᠤᠨ ᠤᠳ ᠡᠴᠡ ᠬᠠᠮᠤᠭ ᠤᠨ ᠠᠷᠪᠢᠨ ᠪᠠᠶᠢᠯ᠎ᠠ᠃ ᠰᠢᠯᠭᠠᠭᠤᠯᠤᠭᠰᠠᠳ ᠤᠨ ᠳᠤᠮᠳᠠᠴᠢ ᠨᠠᠰᠤ 28᠂ ᠰᠢᠶᠠᠩᠭ᠋᠋ᠠᠩ᠂ ᠤᠤᠮᠧᠨ ᠪᠤᠯᠤᠨ ᠲᠠᠶᠢᠸᠠᠨ ᠡᠴᠡ 1300 ᠬᠦᠮᠦᠨ ᠨᠡᠷ᠎ᠠ ᠮᠡᠳᠡᠭᠦᠯᠵᠡᠢ᠂ 1.3 ᠲᠦᠮᠠ ᠭᠠᠷᠤᠢ ᠬᠦᠮᠦᠨ ᠴᠦᠬᠡᠨ ᠲᠤᠭᠠᠲᠤ ᠦᠨᠳᠦᠰᠦᠲᠡᠨ ᠤ ᠦᠰᠦᠭ᠌ ᠪᠢᠴᠢᠭ᠌ ᠢᠶᠡᠷ ᠰᠢᠯᠭᠠᠯᠲᠠ ᠬᠠᠷᠢᠭᠤᠯᠬᠤ ᠪᠠᠷ ᠭᠤᠶᠤᠴᠢᠯᠠᠵᠠᠢ᠃ ᠤᠯᠤᠰ ᠳᠠᠶᠠᠭᠠᠷ ᠤᠨ 31 ᠮᠤᠵᠢ (ᠤᠷᠤᠨ᠂ ᠬᠤᠲᠠ) ᠵᠢᠴᠢ ᠰᠢᠶᠠᠩᠭ᠋᠋ᠠᠩ ᠤᠨᠴᠠᠭᠠᠢ ᠵᠠᠰᠠᠭ ᠵᠠᠬᠢᠷᠭᠠᠨ ᠤ ᠤᠷᠤᠨ᠂ ᠤᠤᠮᠧᠨ ᠤᠨᠴᠠᠭᠠᠢ ᠵᠠᠰᠠᠭ ᠵᠠᠬᠢᠷᠭᠠᠨ ᠤ ᠤᠷᠤᠨ ᠳᠤ ᠨᠡᠶᠢᠲᠡ 249 ᠰᠢᠯᠭᠠᠯᠲᠠ ᠶᠢᠨ ᠲᠤᠭᠤᠷᠢᠭ᠂ 537 ᠰᠢᠯᠭᠠᠯᠲᠠ ᠶᠢᠨ ᠴᠡᠭ᠌᠂ 21794 ᠰᠢᠯᠭᠠᠯᠲᠠ ᠶᠢᠨ ᠲᠠᠯᠠᠪᠠᠢ ᠲᠤᠬᠢᠷᠠᠭᠤᠯᠤᠭᠰᠠᠨ ᠪᠠᠶᠢᠨ᠎ᠠ᠃

ᠢᠷᠡᠯᠳᠡ᠄ ᠳᠤᠮᠳᠠᠳᠤ ᠤᠯᠤᠰ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011100001121683424