蒙古文网站Logo
ᠰᠢᠨᠬᠤᠸᠠ ᠮᠤᠩᠭ᠋ᠤᠯ ᠨᠧᠲ

ᠮᠠᠯ ᠠᠵᠤ ᠠᠬᠤᠢ ᠶᠢᠨ ᠪᠤᠬᠢᠷᠳᠤᠯ ᠦᠭᠡᠢ ᠬᠦᠭ᠍ᠵᠢᠯᠲᠠ ᠶᠢᠨ ᠳᠤᠮᠳᠠᠳᠤ ᠶᠢᠨ ᠠᠵᠢᠯᠯᠠᠭ᠎ᠠ ᠬᠦᠬᠡᠬᠤᠲᠠ ᠳᠤ ᠡᠬᠢᠯᠡᠪᠡ

2017-09-19 10:57

    ᠰᠢᠨᠬᠤᠸᠠ ᠨᠸᠲ   ᠬᠦᠬᠡᠬᠤᠲᠠ ᠶᠢᠨ 9 ᠰᠠᠷ᠎ᠠ ᠶᠢᠨ 18 ᠤ ᠡᠳᠦᠷ ᠤᠨ ᠴᠠᠬᠢᠯᠭᠠᠨ ᠮᠡᠳᠡᠭᠡ ᠤᠯᠤᠰ ᠳᠠᠶᠠᠭᠠᠷ ᠤᠨ ᠮᠠᠯ ᠠᠵᠤ ᠠᠬᠤᠢ ᠶᠢᠨ ᠶᠡᠷᠦᠩᠬᠡᠢ ᠦᠷᠲᠡᠭᠡ ᠵᠡᠷᠭᠡ ᠪᠠᠶᠢᠭᠤᠯᠤᠯᠭ᠎ᠠ ᠨᠢᠭᠡᠴᠡ ᠡᠴᠡ ᠵᠤᠬᠢᠶᠠᠨ ᠪᠠᠶᠢᠭᠤᠯᠤᠭᠰᠠᠨ 《ᠮᠠᠯ ᠠᠵᠤ ᠠᠬᠤᠢ ᠶᠢᠨ ᠪᠤᠬᠢᠷᠳᠤᠯ ᠦᠭᠡᠢ ᠬᠦᠭ᠍ᠵᠢᠯᠲᠠ ᠶᠢᠨ ᠳᠤᠮᠳᠠᠳᠤ ᠶᠢᠨ ᠠᠵᠢᠯᠯᠠᠭ᠎ᠠ ᠵᠢᠴᠢ ᠮᠠᠯ ᠵᠢᠭᠦᠷᠳᠡᠨ ᠲᠡᠵᠢᠭᠡᠨ ᠦᠷᠡᠵᠢᠭᠦᠯᠦᠭᠰᠡᠨ ᠬᠠᠶᠠᠭᠳᠠᠮᠠᠯ ᠡᠳ᠋ ᠢ ᠡᠬᠢ ᠰᠤᠷᠪᠤᠯᠵᠢᠯᠠᠨ ᠠᠰᠢᠭᠯᠠᠬᠤ ᠤᠬᠠᠭᠤᠯᠭ᠎ᠠ ᠶᠢᠨ ᠠᠵᠢᠯᠯᠠᠭ᠎ᠠ》 ᠬᠦᠬᠡᠬᠤᠲᠠ ᠳᠤ ᠡᠬᠢᠯᠡᠪᠡ᠃

    ᠠᠵᠢᠯᠯᠠᠭ᠎ᠠ ᠨᠢ ᠮᠠᠯ ᠵᠢᠭᠦᠷᠳᠡᠨ ᠲᠡᠵᠢᠭᠡᠨ ᠦᠷᠡᠵᠢᠭᠦᠯᠦᠭᠰᠡᠨ ᠬᠠᠶᠠᠭᠳᠠᠮᠠᠯ ᠡᠳ᠋ ᠢ ᠡᠬᠢ ᠰᠤᠷᠪᠤᠯᠵᠢᠯᠠᠨ ᠠᠰᠢᠭᠯᠠᠬᠤ ᠮᠠᠷᠭᠡᠵᠢᠯ ᠢ ᠤᠯᠠᠮ ᠴᠢᠨᠠᠭᠰᠢᠲᠠ ᠲᠦᠭᠡᠮᠠᠯᠵᠢᠭᠦᠯᠤᠨ᠂ ᠲᠠᠷᠢᠵᠤ ᠤᠷᠭᠤᠭᠤᠯᠬᠤ ᠪᠠ ᠲᠡᠵᠢᠭᠡᠨ ᠦᠷᠡᠵᠢᠭᠦᠯᠬᠦ ᠶᠢ ᠤᠶᠠᠯᠳᠤᠭᠤᠯᠬᠤ ᠶᠢ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠡᠷᠬᠢᠯᠲᠠ ᠶᠢᠨ ᠲᠤᠭᠲᠠᠪᠤᠷᠢᠲᠠᠢ ᠬᠥᠭ᠍ᠵᠢᠯᠲᠡ ᠶᠢ ᠪᠠᠲᠤᠯᠠᠬᠤ ᠪᠡᠷ ᠵᠤᠷᠢᠯᠲᠠ ᠪᠡᠨ ᠪᠤᠯᠭᠠᠭᠰᠠᠨ ᠪᠠᠶᠢᠨ᠎ᠠ᠃ ᠠᠵᠢᠯᠯᠠᠭ᠎ᠠ ᠳᠤ ᠲᠠᠷᠢᠶᠠᠯᠠᠩ ᠦᠢᠯᠡᠰ ᠤᠨ ᠰᠠᠯᠠᠭ᠎ᠠ ᠮᠦᠴᠢᠷ ᠤᠨ ᠰᠢᠨᠵᠢᠯᠡᠬᠦ ᠤᠬᠠᠭᠠᠨ ᠰᠤᠷᠭᠠᠨ ᠬᠦᠮᠦᠵᠢᠯ ᠤᠨ ᠵᠤᠷᠭᠠᠨ᠂ ᠤᠯᠤᠰ ᠳᠠᠶᠠᠭᠠᠷ ᠤᠨ ᠮᠠᠯ ᠠᠵᠤ ᠠᠬᠤᠢ ᠶᠢᠨ ᠶᠡᠷᠦᠩᠬᠡᠢ ᠦᠷᠲᠡᠭᠡ ᠶᠢᠨ ᠲᠤᠰᠬᠠᠢ ᠮᠡᠷᠭᠡᠵᠢᠯᠲᠠᠨ ᠵᠡᠷᠭᠡ 400 ᠭᠠᠷᠤᠢ ᠬᠦᠮᠦᠨ ᠤᠷᠤᠯᠴᠠᠪᠠ᠃

    ᠮᠠᠯ ᠵᠢᠭᠦᠷᠳᠡᠨ ᠲᠡᠵᠢᠭᠡᠨ ᠦᠷᠡᠵᠢᠭᠦᠯᠦᠭᠰᠡᠨ ᠬᠠᠶᠠᠭᠳᠠᠮᠠᠯ ᠡᠳ᠋ ᠢ ᠡᠬᠢ ᠰᠤᠷᠪᠤᠯᠵᠢᠯᠠᠨ ᠠᠰᠢᠭᠯᠠᠬᠤ ᠤᠬᠠᠭᠤᠯᠭ᠎ᠠ ᠶᠢᠨ ᠠᠵᠢᠯᠯᠠᠭ᠎ᠠ ᠨᠢ ᠭᠤᠤᠯᠳᠠᠭᠤ ᠮᠠᠯ ᠵᠢᠭᠦᠷᠳᠡᠨ ᠲᠡᠵᠢᠭᠡᠨ ᠦᠷᠡᠵᠢᠭᠦᠯᠦᠭᠰᠡᠨ ᠬᠠᠶᠠᠭᠳᠠᠮᠠᠯ ᠡᠳ᠋ ᠢ ᠬᠡᠷᠬᠢᠨ ᠡᠬᠢ ᠰᠤᠷᠪᠤᠯᠵᠢᠯᠠᠨ ᠠᠰᠢᠭᠯᠠᠬᠤ ᠲᠤᠬᠠᠢ ᠰᠤᠯᠢᠯᠴᠠᠵᠤ᠂ ᠦᠪᠦᠷ ᠮᠣᠩᠭᠣᠯ᠂ ᠾᠸᠪᠸᠢ ᠵᠡᠷᠭᠡ ᠪᠦᠰᠡ ᠨᠤᠲᠤᠭ ᠤᠨ ᠮᠠᠯ ᠠᠵᠤ ᠠᠬᠤᠢ ᠶᠢᠨ ᠦᠷᠲᠡᠭᠡ ᠶᠢᠨ ᠲᠤᠰᠬᠠᠢ ᠮᠡᠷᠭᠡᠵᠢᠯᠲᠠᠳ ᠮᠠᠯ ᠵᠢᠭᠦᠷᠳᠡᠨ ᠲᠡᠵᠢᠭᠡᠨ ᠦᠷᠡᠵᠢᠭᠦᠯᠦᠭᠰᠡᠨ ᠬᠠᠶᠠᠭᠳᠠᠮᠠᠯ ᠡᠳ᠋ ᠢ ᠡᠬᠢ ᠰᠤᠷᠪᠤᠯᠵᠢᠯᠠᠨ ᠠᠰᠢᠭᠯᠠᠬᠤ ᠠᠬᠢᠴᠠ᠂ ᠮᠡᠷᠭᠡᠵᠢᠯ ᠤᠨ ᠬᠡᠷᠡᠭᠯᠡᠭᠡ ᠵᠡᠷᠭᠡ ᠲᠠᠯ᠎ᠠ ᠪᠡᠷ ᠲᠤᠷᠰᠢᠯᠭ᠎ᠠ ᠪᠡᠨ ᠬᠤᠪᠢᠶᠠᠯᠴᠠᠨ᠂ ᠰᠤᠳᠤᠯᠤᠨ ᠶᠠᠷᠢᠯᠴᠠᠵᠠᠢ᠃

ᠢᠷᠡᠯᠳᠡ᠄ ᠰᠢᠨᠬᠤᠸᠠ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011100001121686849