蒙古文网站Logo
ᠰᠢᠨᠬᠤᠸᠠ ᠮᠤᠩᠭ᠋ᠤᠯ ᠨᠧᠲ

ᠠᠷᠪᠠᠳᠤᠭᠠᠷ ᠬᠤᠭᠤᠴᠠᠭᠠᠨ ᠤ ᠤᠯᠤᠰ ᠲᠠᠶᠠᠭᠠᠷ ᠤᠨ ᠦᠨᠳᠦᠰᠦᠳᠡᠨ ᠤ ᠬᠡᠯᠡᠨ ᠤ ᠤᠷᠴᠢᠭᠤᠯᠭ᠎ᠠ ᠶᠢᠨ ᠠᠵᠢᠯ ᠮᠡᠷᠬᠡᠵᠢᠯ ᠤᠨ ᠳᠤᠯᠭᠠᠭᠤᠷᠢ ᠬᠦᠴᠦᠨ ᠤ ᠳᠡᠬᠡᠳᠦ ᠵᠡᠷᠬᠡ ᠶᠢᠨ ᠰᠤᠷᠭᠠᠯᠳᠠ ᠡᠬᠢᠯᠡᠪᠡ

2017-09-19 11:23

    ᠰᠢᠨᠬᠤᠧᠠ ᠮᠤᠩᠭᠤᠯ ᠨᠧᠲ   ᠪᠡᠬᠡᠵᠢᠩ ᠤᠨ 9 ᠰᠠᠷ᠎ᠠ ᠶᠢᠨ 18 ᠤ ᠡᠳᠦᠷ ᠤᠨ ᠴᠠᠬᠢᠯᠭᠠᠨ ᠮᠡᠳᠡᠬᠡ ( ᠪᠤᠯᠤᠷᠴᠡᠴᠡᠭ ) 18 ᠤ ᠡᠳᠦᠷ᠂ ᠠᠷᠪᠠᠳᠤᠭᠠᠷ ᠬᠤᠭᠤᠴᠠᠭᠠᠨ ᠤ ᠤᠯᠤᠰ ᠲᠠᠶᠠᠭᠠᠷ ᠤᠨ ᠦᠨᠳᠦᠰᠦᠳᠡᠨ ᠤ ᠬᠡᠯᠡᠨ ᠤ ᠤᠷᠴᠢᠭᠤᠯᠭ᠎ᠠ ᠶᠢᠨ ᠠᠵᠢᠯ ᠮᠡᠷᠬᠡᠵᠢᠯ ᠤᠨ ᠳᠤᠯᠭᠠᠭᠤᠷᠢ ᠬᠦᠴᠦᠨ ᠤ ᠳᠡᠬᠡᠳᠦ ᠵᠡᠷᠬᠡ ᠶᠢᠨ ᠰᠤᠷᠭᠠᠯᠳᠠ ᠪᠡᠬᠡᠵᠢᠩ ᠳᠤ ᠡᠬᠢᠯᠡᠪᠡ᠃

    6 ᠡᠳᠦᠷ ᠤᠨ ᠬᠤᠭᠤᠴᠠᠭ᠎ᠠ ᠲᠠᠢ ᠶᠠᠪᠤᠭᠳᠠᠬᠤ ᠡᠨᠡᠬᠦ ᠰᠤᠷᠭᠠᠯᠳᠠ ᠶᠢ ᠤᠯᠤᠰ ᠲᠠᠶᠠᠭᠠᠷ ᠤᠨ ᠦᠨᠳᠦᠰᠦᠳᠡᠨ ᠤ ᠬᠡᠯᠡᠨ ᠤ ᠤᠷᠴᠢᠭᠤᠯᠭ᠎ᠠ ᠶᠢᠨ ᠳᠤᠰᠬᠠᠢ ᠮᠡᠷᠬᠡᠵᠢᠯ ᠤᠨ ᠳᠡᠬᠡᠳᠦ ᠳᠦᠪᠰᠢᠨ ᠤ ᠴᠢᠳᠠᠪᠤᠷᠢᠳᠠᠨ ᠤ ᠮᠡᠳᠡᠯᠬᠡ ᠶᠢ ᠳᠡᠯᠡᠬᠦ᠂ ᠶᠡᠷᠦᠩᠬᠡᠶᠢᠯᠡᠭᠰᠡᠨ ᠬᠡᠪ ᠪᠤᠯᠪᠠᠰᠤᠷᠠᠯ ᠬᠢᠬᠡᠳ ᠮᠡᠷᠬᠡᠵᠢᠯ ᠤᠨ ᠬᠢᠷᠢ ᠳᠦᠪᠰᠢᠨ ᠢ ᠨᠢ ᠳᠡᠬᠡᠭᠰᠢᠯᠡᠬᠦᠯᠬᠦ᠂ ᠦᠨᠳᠦᠰᠦᠳᠡᠨ ᠤ ᠬᠡᠯᠡᠨ ᠤ ᠤᠷᠴᠢᠭᠤᠯᠭ᠎ᠠ ᠶᠢᠨ ᠠᠵᠢᠯ ᠦᠢᠯᠡᠰ ᠤᠨ ᠬᠦᠭᠵᠢᠯᠳᠡ ᠶᠢ ᠠᠬᠢᠭᠤᠯᠬᠤ ᠡᠬᠦᠳᠡᠨ ᠡᠴᠡ ᠤᠯᠤᠰ ᠤᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠪᠤᠯᠤᠨ ᠪᠤᠯᠪᠠᠰᠤᠨ ᠬᠦᠴᠦᠨ ᠤ ᠨᠦᠬᠡᠴᠡ ᠨᠡᠶᠢᠬᠡᠮ ᠤᠨ ᠪᠠᠳᠤᠯᠠᠭᠠᠨ ᠤ ᠶᠠᠮᠤᠨ ᠬᠠᠮᠳᠤᠷᠠᠨ ᠰᠠᠨᠠᠭᠠᠴᠢᠯᠠᠵᠤ ᠵᠤᠬᠢᠶᠠᠨ ᠪᠠᠶᠢᠭᠤᠯᠤᠭᠰᠠᠨ ᠶᠤᠮ᠃ ᠮᠦᠨ ᠮᠤᠩᠭᠤᠯ ᠬᠡᠯᠡ ᠪᠡᠷ ᠭᠤᠤᠯ ᠬᠠᠨᠳᠤᠯᠭ᠎ᠠ ᠪᠤᠯᠭᠠᠭᠰᠠᠨ ᠢᠶᠡᠷ ᠦᠪᠦᠷ ᠮᠤᠩᠭᠤᠯ᠂ ᠯᠢᠶᠤᠤᠨᠢᠩ᠂ ᠰᠢᠨᠵᠢᠶᠠᠩ ᠵᠡᠷᠬᠡ ᠨᠠᠶ᠋ᠮᠠᠨ ᠮᠤᠵᠢ ᠤᠷᠤᠨ ᠪᠤᠯᠤᠨ ᠳᠦᠪ ᠤᠨ ᠠᠷᠠᠳ ᠤᠨ ᠷᠠᠳᠢᠣ᠋ ᠨᠡᠪᠳᠡᠷᠡᠬᠦᠯᠬᠡ ᠶᠢᠨ ᠬᠤᠷᠢᠶ᠎ᠠ᠂ ᠠᠷᠠᠳ ᠤᠨ ᠰᠦᠯᠵᠢᠶ᠎ᠡ᠂ ᠳᠦᠪ ᠲᠧᠯᠧᠶ᠋ᠰ ᠤᠨ ᠰᠦᠯᠵᠢᠶ᠎ᠠ᠂ ᠰᠢᠨᠬᠤᠧᠠ ᠨᠧᠲ ᠵᠡᠷᠬᠡ ᠬᠡᠪᠯᠡᠯ ᠮᠡᠳᠡᠬᠡᠯᠡᠯ ᠤᠨ ᠪᠠᠶᠢᠭᠤᠯᠤᠯᠭ᠎ᠠ᠂ ᠦᠨᠳᠦᠰᠦᠳᠡᠨ ᠤ ᠬᠡᠪᠯᠡᠯ ᠤᠨ ᠬᠤᠷᠢᠶ᠎ᠠ᠂ ᠳᠦᠪ ᠤᠨ ᠤᠷᠴᠢᠭᠤᠯᠭ᠎ᠠ ᠶᠢᠨ ᠳᠤᠪᠴᠢᠶ᠎ᠠ᠂ ᠪᠡᠬᠡᠵᠢᠩ ᠤᠨ ᠬᠡᠯᠡᠨ ᠤ ᠶᠡᠬᠡ ᠰᠤᠷᠭᠠᠭᠤᠯᠢ᠂ ᠪᠠᠷᠠᠭᠤᠨ ᠬᠤᠶᠢᠳᠤ ᠶᠢᠨ ᠦᠨᠳᠦᠰᠦᠳᠡᠨ ᠤ ᠶᠡᠬᠡ ᠰᠤᠷᠭᠠᠭᠤᠯᠢ ᠵᠡᠷᠬᠡ ᠠᠯᠪᠠᠨ ᠪᠠᠶᠢᠭᠤᠯᠤᠯᠭ᠎ᠠ ᠶᠢᠨ ᠨᠡᠶᠢᠳᠡ 70 ᠬᠦᠮᠦᠨ ᠳᠤᠰ ᠰᠤᠷᠭᠠᠯᠳᠠ ᠳᠤ ᠤᠷᠤᠯᠴᠠᠵᠠᠢ᠃

ᠢᠷᠡᠯᠳᠡ᠄ ᠰᠢᠨᠬᠤᠧᠠ ᠮᠤᠩᠭᠤᠯ ᠨᠧᠲ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011120791121687693