蒙古文网站Logo
ᠰᠢᠨᠬᠤᠸᠠ ᠮᠤᠩᠭ᠋ᠤᠯ ᠨᠧᠲ

ᠤᠯᠤᠰ ᠤᠨ ᠪᠠᠶᠠᠷ᠂ ᠲᠡᠷᠬᠡᠯ ᠰᠠᠷᠠᠨ ᠤ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ ᠳᠠᠪᠬᠤᠷᠳᠠᠭᠰᠠᠨ ᠲᠤᠭ᠎ᠠ ᠪᠡᠷ 7.1 ᠳ᠋ᠦᠩᠰᠢᠭᠤᠷ ᠬᠦᠮᠦᠨ ᠵᠢᠭᠤᠯᠴᠢᠯᠠᠨ᠎ᠠ

2017-09-20 12:58

    ᠰᠢᠨᠬᠤᠸᠠ ᠬᠤᠷᠢᠶ᠎ᠠ   ᠪᠡᠬᠡᠵᠢᠩ ᠤᠨ 9 ᠰᠠᠷ᠎ᠠ ᠶᠢᠨ 19 ᠤ ᠡᠳᠦᠷ ᠤᠨ ᠴᠠᠬᠢᠯᠭᠠᠨ ᠮᠡᠳᠡᠭᠡ ( ᠰᠤᠷᠪᠤᠯᠵᠢᠯᠠᠭᠴᠢ ᠴᠢ ᠵᠦᠩ ᠰᠢ) ᠦᠨᠦ ᠵᠢᠯ ᠤᠨ ᠤᠯᠤᠰ ᠤᠨ ᠪᠠᠶᠠᠷ᠂ ᠲᠡᠷᠬᠡᠯ ᠰᠠᠷᠠᠨ ᠤ ᠪᠠᠶᠠᠷ ᠤᠨ ᠠᠮᠠᠷᠠᠯᠲᠠ ᠲᠠᠪᠬᠤᠴᠠᠵᠤ᠂ ᠨᠡᠶᠢᠯᠡᠭᠡᠳ 8 ᠡᠳᠦᠷ ᠠᠮᠠᠷᠠᠬᠤ ᠪᠤᠯᠪᠠ᠃ ᠤᠯᠤᠰ ᠤᠨ ᠵᠢᠭᠤᠯᠴᠢᠯᠠᠯ ᠤᠨ ᠲᠤᠪᠴᠢᠶ᠎ᠠ ᠶᠢᠨ ᠤᠷᠢᠳᠴᠢᠯᠠᠨ ᠲᠤᠭᠠᠴᠠᠭᠠᠯᠠᠭᠰᠠᠨ ᠢᠶᠡᠷ᠂ 10 ᠰᠠᠷ᠎ᠠ᠎ ᠶᠢᠨ 1 ᠤ ᠡᠳᠦᠷ ᠡᠴᠡ 8 ᠤ ᠡᠳᠦᠷ ᠪᠤᠯᠲᠠᠯ᠎ᠠ ᠤᠯᠤᠰ ᠤᠨ ᠳᠤᠲᠤᠭᠠᠲᠤ ᠶᠢᠨ ᠵᠢᠭᠤᠯᠴᠢᠯᠠᠬᠤ ᠬᠦᠮᠦᠨ ᠳᠠᠪᠬᠤᠷᠳᠠᠭᠰᠠᠨ ᠲᠤᠭ᠎ᠠ ᠪᠡᠷ 7.1 ᠳ᠋ᠦᠩᠰᠢᠭᠤᠷ   ᠲᠦ ᠬᠦᠷᠴᠤ᠂ ᠤᠯᠤᠰ ᠤᠨ ᠳᠤᠲᠤᠭᠠᠲᠤ ᠶᠢᠨ ᠵᠢᠭᠤᠯᠴᠢᠯᠠᠯ ᠤᠨ ᠤᠷᠤᠯᠭ᠎ᠠ 5900 ᠳ᠋ᠦᠩᠰᠢᠭᠤᠷ ᠲᠦᠬᠦᠷᠢᠭ᠌ ᠲᠤ ᠬᠦᠷᠤᠨ᠂ ᠨᠢᠳᠤᠨᠤᠨ ᠤ ᠠᠳᠠᠯᠢ ᠬᠤᠭᠤᠴᠠᠭᠠᠨ ᠤ ᠬᠢ ᠡᠴᠡ ᠲᠤᠰ ᠪᠦᠷᠢ 10% ᠪᠤᠯᠤᠨ 12.2% ᠢᠶᠡᠷ ᠨᠡᠮᠡᠭᠳᠡᠪᠠ᠃

    ᠤᠯᠤᠰ ᠤᠨ ᠵᠢᠭᠤᠯᠴᠢᠯᠠᠯ ᠤᠨ ᠲᠤᠪᠴᠢᠶᠠᠨ ᠤ ᠲᠤᠭ᠎ᠠ ᠪᠦᠷᠢᠳᠭᠡᠯ ᠤᠨ ᠲᠦᠪ ᠡᠴᠡ ᠰᠠᠭᠤᠭᠠᠯᠢ ᠢᠷᠭᠡᠳ ᠤᠨ ᠵᠢᠭᠤᠯᠴᠢᠯᠠᠬᠤ ᠬᠦᠰᠡᠯ ᠳ᠋ᠤ ᠬᠢᠭ᠍ᠰᠡᠨ ᠪᠠᠶᠢᠴᠠᠭᠠᠯᠲᠠ ᠳᠤ ᠢᠯᠡᠷᠡᠬᠦᠯᠦᠭᠰᠡᠨ ᠢᠶᠡᠷ᠂ ᠰᠠᠭᠤᠭᠠᠯᠢ ᠢᠷᠭᠡᠳ ᠤᠨ ᠳᠦᠷᠪᠡᠳᠦᠭᠡᠷ ᠤᠯᠠᠷᠢᠯ ᠤᠨ ᠭᠠᠳᠠᠭᠰᠢ ᠵᠢᠭᠤᠯᠴᠢᠯᠠᠬᠤ ᠬᠦᠰᠡᠯ ᠲᠠᠢ ᠨᠢ 82.6% ᠳᠤ ᠬᠦᠷᠴᠤ᠂ ᠡᠭᠦᠨ ᠳᠤ 64.8% ᠶᠢᠨ ᠬᠦᠮᠦᠰ ᠤᠯᠤᠰ ᠤᠨ ᠪᠠᠶᠠᠷ᠂ ᠲᠡᠷᠬᠡᠯ ᠰᠠᠷᠠᠨ ᠤ ᠪᠠᠶᠠᠷ ᠤᠨ ᠠᠮᠠᠷᠠᠯᠲᠠ ᠡᠴᠡ ᠠᠷᠪᠠᠨ ᠰᠠᠷ᠎ᠠ ᠶᠢᠨ ᠰᠡᠭᠦᠯᠴᠢ ᠪᠤᠯᠲᠠᠯ᠎ᠠ ᠵᠢᠭᠤᠯᠴᠢᠯᠠᠬᠤ ᠬᠦᠰᠡᠯ ᠲᠠᠢ᠃

    ᠤᠷᠳᠤ ᠠᠮᠠᠷᠠᠯᠲᠠ ᠶᠢᠨ ᠬᠤᠭᠤᠴᠠᠭᠠᠨ ᠳᠤ ᠤᠨᠴᠠᠭᠠᠶᠢᠯᠠᠨ ᠤᠯᠤᠰ ᠤᠨ ᠲᠤᠳᠤᠭᠠᠲᠤ ᠶᠢᠨ ᠬᠤᠯᠠ ᠵᠠᠮ ᠤᠨ ᠵᠢᠭᠤᠯᠴᠢᠯᠠᠯ ᠬᠢᠬᠦ ᠬᠦᠰᠡᠯ ᠲᠡᠢ ᠬᠦᠮᠦᠨ ᠤᠯᠠᠨ᠃ ᠪᠠᠶᠢᠴᠠᠭᠠᠯᠲᠠ ᠳᠤ ᠢᠯᠡᠷᠡᠭᠰᠡᠨ ᠢᠶᠡᠷ᠂ ᠡᠨᠡ ᠬᠦ ᠠᠮᠠᠷᠠᠯᠲᠠ ᠶᠢᠨ ᠬᠤᠭᠤᠴᠠᠭᠠᠨ ᠳᠤ 4 ᠡᠴᠡ 7 ᠡᠳᠦᠷ ᠵᠢᠭᠤᠯᠴᠢᠯᠠᠬᠤ ᠬᠦᠰᠡᠯ ᠲᠠᠢ ᠬᠦᠮᠦᠰ 48.9% ᠶᠢ ᠡᠵᠡᠯᠡᠵᠤ᠂ 7 ᠡᠴᠡ 30 ᠡᠳᠦᠷ ᠵᠢᠭᠤᠯᠴᠢᠯᠠᠬᠤ ᠬᠦᠰᠡᠯ ᠲᠠᠢ ᠨᠢ 17.6% ᠳᠤ ᠬᠦᠷᠴᠠᠢ᠃ ᠰᠢᠶᠸ ᠴᠸᠩ ᠨᠸᠲ ᠤᠨ ᠵᠢᠭᠤᠯᠴᠢᠯᠠᠯ ᠤᠨ ᠤᠷᠢᠳᠴᠢᠯᠠᠨ ᠵᠠᠬᠢᠶᠠᠯᠠᠭᠰᠠᠨ ᠲᠤᠭ᠎ᠠ ᠪᠦᠷᠢᠳᠭᠡᠯ ᠳᠤ᠂ ᠰᠠᠨᠶᠠ᠂ ᠪᠡᠭᠡᠵᠢᠩ᠂ ᠭᠦᠨᠮᠢᠩ᠂ ᠯᠠᠨᠵᠸᠤ᠂ ᠰᠢᠶᠠᠮᠸᠨ᠂ ᠦᠷᠦᠮᠴᠢ᠂ ᠭᠦᠢᠯᠢᠨ᠂ ᠯᠢᠵᠢᠶᠠᠩ᠂ ᠰᠢ ᠠᠨ᠂ ᠱᠠᠩᠬᠠᠢ ᠵᠡᠷᠭᠡ ᠪᠦᠰᠡ ᠨᠤᠲᠤᠭ ᠢᠶᠡᠷ ᠵᠢᠭᠤᠯᠴᠢᠯᠠᠬᠤ ᠬᠦᠰᠡᠯ ᠲᠠᠢ ᠬᠦᠮᠦᠰ ᠤᠯᠠᠨ᠂ ᠪᠠᠷᠠᠭᠤᠨ ᠬᠤᠶᠢᠲᠤ ᠪᠤᠯᠤᠨ ᠪᠠᠷᠠᠭᠤᠨ ᠡᠮᠦᠨ᠎ᠠ ᠪᠦᠰᠡ ᠨᠤᠲᠤᠭ ᠢᠶᠡᠷ ᠵᠢᠭᠤᠯᠴᠢᠯᠠᠬᠤ ᠬᠠᠯᠠᠮᠰᠢᠯ ᠴᠤ ᠰᠠᠢᠢᠨ ᠪᠠᠢᠢᠯ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011100001121693961