蒙古文网站Logo
ᠰᠢᠨᠬᠤᠸᠠ ᠮᠤᠩᠭ᠋ᠤᠯ ᠨᠧᠲ

《ᠤᠯᠤᠰ ᠤᠨ ᠪᠠᠶᠠᠷ》 ᠤᠨ ᠠᠮᠠᠷᠠᠯᠲᠠ  ᠶᠢᠨ ᠬᠤᠭᠤᠴᠠᠭᠠᠨ ᠳᠤ ᠤᠷᠢᠳᠴᠢᠯᠠᠨ ᠲᠤᠭᠠᠴᠠᠭᠠᠯᠠᠭᠰᠠᠨ ᠢᠶᠡᠷ 5.6 ᠳ᠋ᠦᠩᠰᠢᠭᠤᠷ ᠬᠦᠮᠦᠨ ᠵᠦᠭᠡᠭᠡᠪᠦᠷᠢᠯᠡᠨ᠎ᠠ

2017-09-22 10:53

    ᠰᠢᠨᠬᠤᠸᠠ ᠬᠤᠷᠢᠶ᠎ᠠ   ᠪᠡᠬᠡᠵᠢᠩ ᠤᠨ 9 ᠰᠠᠷ᠎᠎ᠠ ᠶᠢᠨ 21 ᠤ ᠡᠳᠦᠷ ᠤᠨ ᠴᠠᠬᠢᠯᠭᠠᠨ ᠮᠡᠳᠡᠭᠡ(ᠰᠤᠷᠪᠤᠯᠵᠢᠯᠠᠭᠴᠢ ᠵᠤᠤ ᠸᠸᠨ ᠵᠢᠶᠦ᠋ᠨ) ᠵᠠᠮ ᠬᠠᠷᠢᠯᠴᠠᠭ᠎ᠠ ᠵᠦᠭᠡᠭᠡᠪᠦᠷᠢ ᠶᠢᠨ ᠶᠠᠮᠤᠨ ᠤ ᠦᠭᠦᠯᠡᠭᠴᠢ ᠡᠦ ᠴᠦᠨ ᠭ᠍ᠸᠩ 21 ᠤ ᠡᠳᠦᠷ ᠬᠡᠪᠯᠡᠯ ᠮᠡᠳᠡᠭᠡᠯᠡᠯ ᠤᠨ ᠬᠤᠷᠠᠯ ᠳᠡᠭᠡᠷ᠎ᠠ᠂ ᠦᠨᠦ ᠵᠢᠯ ᠤᠨ 《ᠤᠯᠤᠰ ᠤᠨ ᠪᠠᠶᠠᠷ》 ᠤ᠋ᠨ ᠠᠮᠠᠷᠠᠯᠲᠠ  ᠶᠢᠨ ᠬᠤᠭᠤᠴᠠᠭᠠᠨ ᠳᠤ ᠤᠯᠤᠰ ᠳᠠᠶᠠᠭᠠᠷ ᠤᠨ ᠵᠠᠰᠠᠮᠠᠯ ᠵᠠᠮ  ᠢᠶᠡᠷ ᠠᠶᠠᠯᠠᠬᠤ ᠲᠡᠷᠭᠡᠨ ᠤ ᠨᠡᠮᠡᠭᠳᠡᠯᠳᠡ ᠶᠢᠨ ᠨᠤᠷᠮ᠎ᠠ 10% ᠡᠴᠡ ᠬᠡᠳᠦᠷᠡᠬᠦ ᠪᠤᠯᠤᠨ᠎ᠠ᠃ ᠵᠠᠰᠠᠮᠠᠯ ᠵᠠᠮ ᠢᠶᠡᠷ ᠠᠶᠠᠯᠠᠬᠤ ᠵᠢᠭᠤᠯᠴᠢᠳ ᠤᠷᠢᠳᠴᠢᠯᠠᠨ ᠲᠤᠭᠠᠴᠠᠭᠠᠯᠠᠭᠰᠠᠨ ᠢᠶᠡᠷ 5.6 ᠳ᠋ᠦᠩᠰᠢᠭᠤᠷ ᠬᠦᠮᠦᠨ ᠳᠤ ᠬᠦᠷᠴᠤ᠂ ᠡᠳᠦᠷ ᠲᠤ ᠲᠠᠪᠬᠤᠷᠳᠠᠭᠰᠠᠨ ᠲᠤᠭ᠎᠎ᠠ ᠪᠡᠷ 7020 ᠲᠦᠮᠡᠨ ᠬᠦᠮᠦᠨ ᠳᠤ ᠬᠦᠷᠴᠤᠨ ᠨᠢᠳᠤᠨᠤᠨ ᠤ ᠬᠢ ᠲᠠᠢ ᠦᠨᠳᠦᠰᠦᠨ ᠳᠤ ᠪᠡᠨ ᠠᠳᠠᠯᠢ ᠪᠤᠯᠤᠨ᠎ᠠ᠃ ᠤᠰᠤᠨ ᠵᠠᠮ ᠢᠶᠡᠷ ᠠᠶᠠᠯᠠᠬᠤ ᠠᠶᠠᠨᠴᠢᠳ ᠲᠠᠪᠬᠤᠷᠳᠠᠭᠰᠠᠨ ᠲᠤᠭ᠎ ᠪᠡᠷ 1590 ᠲᠦᠮᠡ ᠬᠦᠷᠴᠤ᠂ ᠡᠳᠦᠷ ᠲᠤ ᠳᠠᠪᠬᠤᠷᠳᠠᠭᠰᠠᠨ ᠲᠤᠭ᠎ᠠ ᠪᠡᠷ ᠳᠤᠮᠳᠠᠴᠢ ᠪᠡᠷ 200 ᠲᠦᠮᠡ ᠬᠦᠮᠦᠨ ᠳᠤ ᠬᠦᠷᠴᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠡᠴᠡ 5.4% ᠪᠡᠷ ᠨᠡᠮᠡᠭᠳᠡᠪᠠ᠃

    《ᠤᠯᠤᠰ ᠤᠨ ᠪᠠᠶᠠᠷ》 ᠤ᠋ᠨ ᠠᠮᠠᠷᠠᠯᠲᠠ  ᠶᠢᠨ ᠬᠤᠭᠤᠴᠠᠭᠠᠨ ᠳᠤ᠂ ᠤᠯᠤᠰ ᠳᠠᠶᠠᠭᠠᠷ  ᠨᠡᠶᠢᠲᠡ2140 ᠲᠦᠮᠡᠨ ᠠᠶᠠᠨᠴᠢᠨ ᠵᠦᠭᠡᠭᠡᠪᠦᠷᠢᠯᠡᠬᠦ 84 ᠲᠦᠮᠡ ᠭᠠᠷᠤᠢ ᠠᠦ᠋ᠲ᠋ᠤᠪᠦ᠋ᠰ ᠲᠤᠬᠢᠷᠠᠭᠤᠯᠵᠤ᠂ 2 ᠲᠦᠮᠡ ᠭᠠᠷᠤᠢ ᠠᠶᠠᠨᠴᠢᠳ ᠤᠨ ᠤᠩᠭ᠋ᠤᠴᠠ ᠲᠤᠬᠢᠷᠠᠭᠤᠯᠤᠨ 100 ᠲᠦᠮᠡ ᠭᠠᠷᠤᠢ ᠠᠶᠠᠨᠴᠢᠨ ᠵᠦᠭᠡᠭᠡᠪᠦᠷᠢᠯᠡᠨ ᠠᠶᠠᠨᠴᠢᠳ ᠤᠨ ᠭᠠᠳᠠᠭᠰᠢ ᠵᠠᠮᠨᠠᠬᠤ ᠪᠤᠯᠤᠨ ᠵᠢᠭᠤᠯᠴᠢᠯᠠᠬᠤ ᠱᠠᠭᠠᠷᠳᠠᠯᠭ᠎ᠠ ᠶᠢ ᠬᠠᠩᠭ᠋ᠠᠬᠤ ᠪᠡᠷ ᠪᠤᠢ᠃

ᠢᠷᠡᠯᠳᠡ᠄ ᠰᠢᠨᠬᠤᠸᠠ ᠬᠤᠷᠢᠶ ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011100001121707297