蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠬᠦᠭ᠍ᠵᠢᠯᠲᠠ ᠶᠢ ᠲᠠᠨᠢᠯᠴᠠᠭᠤᠯᠬᠤ ᠬᠤᠷᠠᠯ ᠵᠢᠴᠢ 2018 ᠤᠨ ᠤ ᠲᠡᠭᠦᠰᠬᠦ ᠤᠶᠤᠲᠠᠳ ᠡᠴᠡ ᠴᠢᠳᠠᠪᠤᠷᠢᠲᠠᠨ ᠡᠯᠰᠡᠬᠦ ᠬᠤᠷᠠᠯ ᠪᠡᠬᠡᠵᠢᠩ ᠳᠤ ᠬᠤᠷᠠᠯᠳᠤᠪᠠ

2017-09-22 10:53

    9 ᠰᠠᠷ᠎ᠠ ᠶᠢᠨ 21 ᠤ ᠡᠳᠦᠷ᠂ ᠪᠡᠭᠡᠵᠢᠩ ᠬᠤᠲᠠ ᠶᠢᠨ ᠠᠵᠦ ᠠᠬᠤᠢ ᠮᠡᠷᠭᠡᠵᠢᠯ ᠤᠨ ᠨᠡᠭᠡᠭᠡᠯᠲᠡ ᠶᠢᠨ ᠲᠤᠭᠤᠷᠢᠬ ᠪᠤᠯᠤᠨ ᠦᠪᠦᠷ ᠮᠣᠩᠭᠣᠯ ᠤᠨ ᠬᠤᠷᠢᠨᠭᠡᠷ ᠰᠢᠨ᠎ᠠ ᠲᠤᠭᠤᠷᠢᠭ ᠴᠢᠳᠠᠪᠤᠷᠢᠲᠠᠨ ᠰᠤᠯᠢᠯᠴᠠᠬᠤ ᠬᠢᠭᠡᠳ ᠠᠵᠤ ᠦᠢᠯᠡᠰ ᠤᠨ ᠬᠠᠮᠲᠤ ᠶᠢᠨ ᠠᠵᠢᠯᠯᠠᠭᠠᠨ ᠤ ᠬᠡᠯᠡᠯᠴᠡᠭᠡᠷ ᠲᠤᠬᠳᠠᠪᠠ᠃

    ᠲᠤᠬᠠᠢ ᠶᠢᠨ ᠡᠳᠦᠷ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠲᠡᠰ᠂ ᠬᠦᠮᠦᠨ ᠤ ᠨᠦᠭᠡᠴᠡ ᠨᠡᠶᠢᠭᠡᠮ ᠤᠨ ᠪᠠᠳᠤᠯᠠᠭ᠎ᠠ ᠶᠢᠨ ᠲᠢᠩᠭᠢᠮ ᠡᠴᠡ ᠵᠤᠬᠢᠶᠠᠨ ᠪᠠᠶᠢᠭᠤᠯᠤᠭᠰᠠᠨ《ᠴᠢᠳᠠᠪᠤᠷᠢᠲᠠᠨ ᠤᠯᠠᠨ ᠡᠯᠰᠡᠨ ᠲᠠᠯ᠎ᠠ ᠨᠤᠲᠤᠭ ᠲᠦ ᠡᠷᠳᠡᠮᠳᠡᠳ ᠴᠤᠬᠯᠠᠭᠠᠬᠤ》 -- ᠦᠪᠦᠷ ᠮᠣᠩᠭᠣᠯ ᠤᠨ ᠬᠦᠭ᠍ᠵᠢᠯᠲᠠ ᠶᠢ ᠲᠠᠨᠢᠯᠴᠠᠭᠤᠯᠬᠤ ᠬᠤᠷᠠᠯ ᠵᠢᠴᠢ 2018 ᠤᠨ ᠤ ᠲᠡᠭᠦᠰᠬᠦ ᠤᠶᠤᠲᠠᠳ ᠡᠴᠡ ᠴᠢᠳᠠᠪᠤᠷᠢᠲᠠᠨ ᠡᠯᠰᠡᠬᠦ ᠬᠤᠷᠠᠯ ᠴᠢᠩᠬᠤᠸᠠ ᠶᠡᠬᠡ ᠰᠤᠷᠭᠠᠭᠤᠯᠢ ᠳᠤ ᠶᠠᠪᠤᠭᠳᠠᠪᠠ᠃ ᠦᠪᠦᠷ ᠮᠣᠩᠭᠣᠯ ᠡᠴᠡ ᠬᠦᠷᠦᠯᠴᠡᠨ ᠤᠴᠢᠭᠰᠠᠨ 70 ᠪᠠᠶᠢᠭᠤᠯᠤᠯᠭ᠎ᠠ᠎ ᠨᠢᠭᠡᠴᠡ ᠪᠤᠯᠤᠨ ᠠᠵᠤ ᠠᠬᠤᠶᠢᠯᠠᠯ ᠤᠨ ᠪᠠᠶᠢᠭᠤᠯᠤᠯᠭ᠎ᠠ ᠬᠠᠮᠲᠤᠪᠡᠷ ᠲᠡᠭᠦᠰᠬᠦ ᠤᠶᠤᠲᠠᠳ ᠲᠤ 1022 ᠠᠵᠢᠯ ᠤᠨ ᠪᠠᠶᠢᠷᠢ ᠬᠠᠩᠭ᠋ᠠᠠᠵᠤ᠂ ᠪᠡᠭᠡᠵᠢᠩ ᠶᠡᠬᠡ ᠰᠤᠷᠭᠠᠭᠤᠯᠢ᠂ ᠴᠢᠩᠬᠤᠸᠠ ᠶᠡᠬᠡ ᠰᠤᠷᠭᠠᠭᠤᠯᠢ ᠵᠡᠷᠬᠡ ᠤᠯᠠᠨ ᠶᠡᠬᠡ ᠲᠡᠭᠡᠲᠤ ᠰᠤᠷᠭᠠᠭᠤᠯᠢ ᠶᠢᠨ ᠲᠡᠭᠦᠰᠬᠦ ᠤᠶᠤᠲᠠᠳ ᠲᠤᠰ ᠤᠳᠠᠭᠠᠨ ᠤ ᠴᠢᠳᠠᠪᠤᠷᠢᠲᠠᠨ ᠡᠯᠰᠡᠬᠦ ᠬᠤᠷᠠᠯ ᠳᠤ ᠤᠷᠤᠯᠴᠠᠪᠠ᠃ ᠡᠭᠦᠨ ᠤ ᠬᠠᠮᠲᠤ᠂ ᠪᠡᠭᠡᠵᠢᠩ ᠬᠤᠲᠠ ᠶᠢᠨ ᠠᠵᠦ ᠠᠬᠤᠢ ᠮᠡᠷᠭᠡᠵᠢᠯ ᠤᠨ ᠨᠡᠭᠡᠭᠡᠯᠲᠡ ᠶᠢᠨ ᠲᠤᠭᠤᠷᠢᠬ ᠂ ᠪᠡᠭᠡᠵᠢᠩ ᠬᠤᠲᠠ ᠶᠢᠨ ᠢᠷᠭᠡᠨ ᠤ ᠶᠠᠪᠤᠳᠠᠯ ᠤᠨ ᠲᠤᠪᠴᠢᠶ᠎ᠠ᠂ ᠳᠤᠮᠳᠠᠳᠤ ᠤᠯᠤᠰ ᠤᠨ ᠲᠠᠷᠢᠶᠠᠯᠠᠩ ᠰᠢᠨᠵᠢᠯᠡᠬᠦ ᠤᠬᠠᠭᠠᠨ ᠤ ᠬᠦᠷᠢᠶᠡᠯᠡᠩ ᠵᠡᠷᠭᠡ ᠪᠠᠶᠢᠭᠤᠯᠤᠯᠭ᠎ᠠ ᠨᠢᠭᠡᠴᠡ ᠦᠪᠦᠷ ᠮᠣᠩᠭᠣᠯ ᠲᠠᠢ 18 ᠬᠠᠮᠲᠤ ᠶᠢᠨ ᠠᠵᠢᠯᠯᠠᠭᠠᠨ ᠤ ᠬᠡᠯᠡᠯᠴᠡᠭᠡᠷ ᠲᠤᠭᠲᠠᠵᠤ᠂ ᠦᠪᠦᠷ ᠮᠣᠩᠭᠣᠯ ᠳᠤ ᠮᠡᠷᠭᠡᠵᠢᠯ ᠪᠤᠯᠤᠨ ᠴᠢᠳᠠᠪᠤᠷᠢᠲᠠᠨ ᠬᠠᠡᠭᠭᠠᠬᠤ ᠪᠡᠷ ᠪᠤᠢ᠃ (ᠵᠢᠷᠤᠭ ᠢ ᠰᠢᠨᠬᠤᠸᠠ ᠬᠤᠷᠢᠶ᠎᠎ᠠ ᠶᠢᠨ ᠰᠤᠷᠪᠤᠯᠵᠢᠯᠠᠭᠴᠢ ᠯᠢ ᠰᠢᠨ ᠵᠢᠷᠤᠭᠯᠠᠪᠠ)

ᠢᠷᠡᠯᠳᠡ᠄ ᠰᠢᠨᠬᠤᠸᠠ ᠬᠤᠷᠢᠶ᠎᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011100001121707328