蒙古文网站Logo
ᠰᠢᠨᠬᠤᠸᠠ ᠮᠤᠩᠭ᠋ᠤᠯ ᠨᠧᠲ

ᠪᠠᠷᠢᠮᠳᠠᠳᠤ ᠺᠢᠨᠣ᠋ 《ᠬᠦᠭ᠍ᠵᠢᠨ ᠪᠠᠳᠠᠷᠠᠬᠰᠠᠨ ᠳᠤᠮᠳᠠᠳᠤ ᠤᠯᠤᠰ》ᠬᠦᠮᠦᠰ ᠤᠨ ᠵᠤᠭᠤᠬ ᠤᠨ ᠲᠦᠪᠯᠡᠷᠡᠯ ᠪᠤᠯᠪᠠ

2017-09-22 11:07

    ᠰᠢᠨᠬᠤᠧᠠ ᠬᠤᠷᠢᠶ᠎ᠠ ᠪᠡᠬᠡᠵᠢᠩ ᠤᠨ 9 ᠰᠠᠷ᠎ᠠ ᠶᠢᠨ 21 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠬᠴᠢ ᠪᠠᠢ ᠶᠢᠩ ᠱᠢ ᠵᠢᠩ ᠨᠠᠨ) ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠪ ᠬᠤᠷᠢᠶᠠᠨ ᠤ ᠤᠬᠠᠭᠤᠯᠬᠤ ᠬᠡᠯᠳᠡᠰ᠂ ᠲᠦᠪ ᠤᠨ ᠲᠧᠯᠸᠢᠰ ᠬᠤᠷᠢᠶᠠᠨ ᠡᠴᠡ ᠬᠠᠮᠳᠤᠷᠠᠨ ᠥᠢᠯᠡᠳᠦᠭᠰᠡᠨ ᠵᠢᠷᠭᠤᠭᠠᠨ ᠠᠩᠬᠢᠲᠤ ᠪᠠᠷᠢᠮᠳᠠᠳᠤ ᠺᠢᠨᠣ᠋ 《ᠬᠦᠭ᠍ᠵᠢᠨ ᠪᠠᠳᠠᠷᠠᠬᠰᠠᠨ ᠳᠤᠮᠳᠠᠳᠤ ᠤᠯᠤᠰ》 ᠢ  ᠨᠡᠪᠲᠡᠷᠡᠬᠦᠯᠦᠭᠰᠡᠨ ᠡᠴᠡ ᠨᠠᠰᠢ ᠬᠦᠮᠦᠰ ᠤᠨ ᠵᠤᠭᠤᠬ ᠤᠨ ᠲᠦᠪᠯᠡᠷᠡᠯ ᠪᠤᠯᠪᠠ᠃ ᠡᠯ᠎ᠠ ᠬᠤᠯᠪᠤᠭᠳᠠᠯ ᠪᠦᠬᠦᠢ ᠬᠦᠷᠢᠶ᠎ᠠ ᠴᠠᠷᠠᠭᠠᠨ ᠤ ᠪᠠᠶᠢᠭᠤᠯᠤᠯᠭ᠎ᠠ ᠶᠢᠨ ᠬᠠᠷᠢᠭᠤᠴᠠᠯᠭᠠᠲᠠᠨ᠂ ᠡᠰᠡᠭᠦᠯ᠎ᠠ ᠡᠩ ᠤᠨ ᠦᠵᠡᠭᠴᠢᠳ ᠪᠤᠶᠤ ᠨᠧᠲ ᠠᠰᠢᠬᠯᠠᠬᠴᠢᠳ ᠴᠦᠮ 《 ᠳᠤᠮᠳᠠᠳᠤ ᠤᠯᠤᠰ ᠤᠨ ᠬᠦᠮᠦᠨ ᠪᠤᠯᠤᠭᠰᠠᠨ ᠳᠠᠭᠠᠨ ᠤᠮᠤᠭᠰᠢᠨ᠎ᠠ》᠂ 《ᠤᠯᠤᠰ ᠤᠨ ᠢᠶᠡᠨ ᠲᠦᠯᠤᠬᠡ ᠤᠮᠤᠭᠰᠢᠨ᠎ᠠ》᠂ 《ᠳᠤᠮᠳᠠᠳᠤ ᠤᠯᠤᠰ ᠤᠨ ᠦᠷᠭᠦᠯᠵᠢᠯᠡᠨ ᠬᠦᠭ᠍ᠵᠢᠨ ᠪᠠᠳᠠᠷᠠᠬᠤ ᠶᠢᠨ ᠲᠦᠯᠦᠬᠡ ᠬᠠᠮᠳᠤᠪᠡᠷ ᠴᠢᠷᠮᠠᠶᠢᠨ᠎ᠠ》ᠬᠡᠬᠦ ᠮᠡᠲᠤ ᠶᠢᠨ ᠰᠡᠳᠬᠢᠯ ᠤᠨ ᠦᠬᠡ ᠪᠡᠨ ᠢᠯᠡᠳᠭᠡᠵᠡᠭᠡᠪᠡ᠃

    ᠲᠤᠰ ᠪᠠᠷᠢᠮᠳᠠᠳᠤ ᠺᠢᠨᠣ᠋ ᠨᠢ ᠰᠢᠨ᠎ᠠ ᠶᠢ ᠡᠬᠦᠳᠬᠦ᠂ ᠵᠣᠬᠢᠴᠠᠯ ᠲᠠᠢ᠂ ᠪᠣᠬᠢᠷᠳᠤᠯ ᠦᠬᠡᠢ᠂ ᠨᠡᠬᠡᠬᠡᠯᠲᠠ ᠲᠠᠢ᠂ ᠬᠠᠮᠳᠤᠪᠠᠷ ᠡᠳ᠋ᠯᠡᠬᠦ ᠰᠢᠨ᠎ᠠ ᠬᠦᠭ᠍ᠵᠢᠯᠲᠠ ᠶᠢᠨ ᠵᠠᠷᠴᠢᠮ ᠢᠶᠡᠷ ᠰᠢᠵᠢᠮ ᠪᠤᠯᠭᠠᠨ᠂ ᠨᠠᠮ ᠤᠨ ᠠᠷᠪᠠᠨ ᠨᠠᠶ᠋ᠮᠠᠳᠤᠭᠠᠷ ᠶᠡᠬᠡ ᠬᠤᠷᠠᠯ  ᠡᠴᠡ ᠨᠠᠰᠢᠬᠢ ᠳᠤᠮᠳᠠᠳᠤ ᠤᠯᠤᠰ ᠤᠨ ᠡᠳ᠋ ᠤᠨ ᠵᠠᠰᠠᠭ ᠨᠡᠶᠢᠬᠡᠮ ᠤᠨ ᠬᠦᠭ᠍ᠵᠢᠯᠲᠠ ᠳᠤ ᠤᠯᠤᠬᠰᠠᠨ ᠯᠤᠲᠤ ᠶᠡᠬᠡ ᠠᠮᠵᠢᠯᠲᠠ ᠶᠢ ᠪᠦᠬᠦ ᠲᠠᠯ᠎ᠠ ᠪᠡᠷ ᠲᠤᠰᠬᠠᠬᠰᠠᠨ ᠶᠤᠮ᠃

ᠢᠷᠡᠯᠳᠡ᠄ ᠰᠢᠨᠬᠤᠧᠠ ᠬᠤᠷᠶᠢ᠎ᠠ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011100001121707444