蒙古文网站Logo
ᠰᠢᠨᠬᠤᠸᠠ ᠮᠤᠩᠭ᠋ᠤᠯ ᠨᠧᠲ

ᠵᠧᠵᠢᠶᠠᠩ ᠤᠨ ᠢᠤᠢ ᠬᠤᠧᠠᠨ ᠤ ᠨᠢᠬᠡᠨ ᠢᠷᠬᠡᠨ ᠤ ᠬᠡᠷ ᠲᠤ ᠭᠠᠯ ᠭᠠᠷᠴᠤ 11 ᠬᠦᠮᠦᠨ ᠡᠨᠳᠡᠪᠡ

2017-09-25 10:01

    ᠰᠢᠨᠬᠤᠧᠠ ᠬᠤᠷᠢᠶ᠎ᠠ   ᠬᠠᠩᠵᠧᠤ ᠶᠢᠨ 9 ᠰᠠᠷ᠎ᠠ ᠶᠢᠨ 25 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠸᠠᠩ ᠵᠢᠶᠦ᠋ᠨ ᠯᠦ) ᠰᠤᠷᠪᠤᠯᠵᠢᠯᠠᠭᠴᠢ ᠵᠧᠵᠢᠶᠠᠩ ᠮᠤᠵᠢ ᠶᠢᠨ ᠳᠠᠶᠢᠵᠧᠤ ᠬᠤᠳᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠳᠡᠰ ᠡᠴᠡ ᠤᠶᠢᠯᠠᠭᠠᠭᠰᠠᠨ ᠢᠶᠡᠷ᠂ 9 ᠰᠠᠷ᠎ᠠ ᠶᠢᠨ 25 ᠤ 00᠄13 ᠴᠠᠭ ᠲᠤ ᠳᠠᠶᠢᠵᠧᠤ ᠶᠢᠨ ᠢᠤᠢ ᠬᠤᠧᠠᠨ ᠬᠤᠳᠠ ᠶᠢᠨ ᠢᠤᠢ ᠵᠧᠩ ᠵᠡᠬᠡᠯᠢ ᠶᠢᠨ ᠵᠢᠵᠢᠭ᠌ ᠱᠦᠢ ᠪᠦ᠋ ᠳᠤᠰᠬᠤᠨ ᠤ ᠴᠠᠩ ᠰᠢᠩ ᠵᠠᠮ ᠤᠨ 21 ᠨᠤᠮᠧᠷ ᠲᠡᠬᠢ ᠨᠢᠬᠡᠨ ᠰᠠᠭᠤᠭᠠᠯᠢ ᠢᠷᠬᠡᠨ ᠤ ᠬᠡᠷ ᠲᠤ ᠭᠠᠯ ᠭᠠᠷᠴᠤ᠂ ᠤᠳᠤ ᠪᠡᠷ 11 ᠬᠦᠮᠦᠨ ᠡᠨᠳᠡᠨ᠂ 2 ᠬᠦᠮᠦᠨ ᠪᠠᠴᠢᠮ ᠠᠪᠤᠷᠠᠯᠳᠠ ᠬᠦᠯᠢᠶᠡᠵᠤ ᠪᠠᠶᠢᠭ᠎ᠠ ᠪᠦᠬᠡᠳ 10 ᠬᠦᠮᠦᠨ ᠬᠦᠩᠬᠡᠨ ᠰᠢᠷᠬᠠᠳᠤᠨ ᠡᠮᠨᠡᠯᠬᠡ ᠳᠤ ᠤᠷᠤᠵᠠᠢ᠃

    ᠭᠠᠯ ᠤᠨ ᠠᠶᠤᠯ ᠭᠠᠷᠤᠭᠰᠠᠨ ᠮᠡᠳᠡᠬᠦᠯᠦᠯᠳᠡ ᠶᠢ ᠳᠤᠰᠤᠭᠰᠠᠨ ᠳᠡᠷᠡ ᠳᠠᠷᠤᠢ ᠢᠤᠢ ᠬᠤᠧᠠᠠ ᠬᠤᠳᠠ ᠶᠢᠨ ᠳᠤᠳᠤᠭᠠᠳᠤ ᠶᠢ ᠬᠠᠮᠠᠭᠠᠯᠠᠬᠤ᠂ ᠭᠠᠯ ᠰᠡᠷᠬᠡᠶᠢᠯᠡᠬᠦ ᠵᠡᠷᠬᠡ ᠪᠠᠶᠢᠭᠤᠯᠤᠯᠭ᠎ᠠ ᠶᠢᠨ ᠬᠢᠨ ᠠᠪᠤᠷᠠᠨ ᠳᠤᠰᠠᠯᠠᠬᠤ ᠠᠵᠢᠯ ᠤᠨ ᠪᠠᠭ ᠵᠤᠬᠢᠶᠠᠨ ᠪᠠᠶᠢᠭᠤᠯᠵᠤ 01᠄50 ᠴᠠᠭ ᠲᠤ ᠭᠠᠯ ᠢ ᠤᠨᠳᠠᠷᠠᠭᠠᠪᠠ᠃ ᠭᠠᠯ ᠳᠤ ᠰᠢᠳᠠᠭᠳᠠᠭᠰᠠᠨ ᠳᠠᠯᠠᠪᠠᠢ 150 ᠺᠦᠧᠠᠳ᠋ ᠮᠧᠲ᠋ᠷ ᠬᠦᠷᠴᠠᠢ᠃ ᠭᠠᠯ ᠭᠠᠷᠤᠭᠰᠠᠨ ᠰᠢᠯᠳᠠᠭᠠᠨ ᠢ ᠤᠳᠤᠬᠠᠨ ᠳᠤ ᠪᠠᠶᠢᠴᠠᠭᠠᠨ ᠳᠤᠳᠤᠯᠠᠵᠤ ᠪᠤᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011120701121718494