蒙古文网站Logo
ᠰᠢᠨᠬᠤᠸᠠ ᠮᠤᠩᠭ᠋ᠤᠯ ᠨᠧᠲ

ᠴᠸᠩᠳᠦ᠋ ᠪᠤᠯᠤᠨ ᠴᠦᠩᠴᠢᠩ ᠤᠨ ᠬᠤᠭᠤᠷᠤᠨᠳᠤᠬᠢ ᠬᠠᠮᠤᠭ ᠤᠨ ᠲᠦᠷᠭᠡᠨ ᠬᠤᠷᠳᠤᠨ ᠤ ᠵᠠᠰᠠᠮᠠᠯ ᠵᠠᠮ 9 ᠰᠠᠷ᠎ᠠ ᠶᠢᠨ 30 ᠤ ᠡᠳᠦᠷ ᠪᠦᠬᠦ ᠱᠤᠭᠤᠮ ᠳᠤ ᠲᠡᠷᠭᠡ ᠨᠡᠪᠲᠡᠷᠡᠨ᠎ᠠ

2017-09-25 12:34

    ᠰᠢᠨᠬᠤᠸᠠ ᠬᠤᠷᠢᠶ᠎ᠠ   ᠴᠡᠩᠲᠤᠤ ᠶᠢᠨ 9 ᠰᠠᠷ᠎ᠠ ᠶᠢᠨ 24 ᠤ ᠡᠳᠦᠷ ᠤᠨ ᠴᠠᠬᠢᠯᠭᠠᠨ ᠮᠡᠳᠡᠭᠡ (ᠬᠡᠤ ᠰᠢᠦᠢ᠂ ᠶᠠᠩ ᠸᠸᠨ ᠬᠤᠤ) ᠰᠤᠷᠪᠤᠯᠵᠢᠯᠠᠭᠴᠢ ᠰᠸᠴᠤᠸᠠᠨ ᠮᠤᠵᠢ ᠶᠢᠨ ᠵᠠᠮ ᠬᠠᠷᠢᠯᠴᠠᠭ᠎ᠠ ᠵᠦᠭᠡᠭᠡᠪᠦᠷᠢ ᠶᠢᠨ ᠲᠢᠩᠬᠢᠮ ᠡᠴᠡ ᠤᠶᠢᠯᠠᠭᠠᠭᠰᠠᠨ ᠢᠶᠡᠷ᠂ ᠲᠦᠷᠦᠭᠦᠬᠡᠨ ᠴᠸᠩᠳᠦ᠋ ᠪᠤᠯᠤᠨ ᠴᠦᠩᠴᠢᠩ ᠬᠤᠶᠠᠷ ᠬᠤᠲᠠ ᠶᠢ ᠬᠤᠯᠪᠤᠵᠤ ᠪᠠᠶᠢᠭ᠎ᠠ ᠴᠸᠩᠳᠦ᠋ - ᠠᠨ ᠶᠤᠸᠠᠢ - ᠴᠦᠩᠴᠢᠩ ᠬᠤᠷᠳᠤᠨ ᠤ ᠵᠠᠮ ᠤᠨ ᠴᠸᠩᠳᠦ᠋ ᠳ᠋ᠡᠬᠢ ᠭᠤᠤᠯᠳᠠᠯᠭ᠎ᠠ ᠲᠠᠢ ᠢᠨᠵᠸᠨ᠋ᠸᠷᠢᠩ ᠢ ᠪᠠᠶᠢᠭᠤᠯᠵᠤ ᠳᠠᠭᠤᠰᠬᠠᠭᠰᠠᠨ ᠤ ᠳᠠᠷᠠᠭ᠎ᠠ 9 ᠰᠠᠷ᠎ᠠ ᠶᠢᠨ 30 ᠤ ᠡᠳᠦᠷ ᠡᠴᠡ ᠡᠬᠢᠯᠡᠨ ᠪᠦᠬᠦ ᠱᠤᠭᠤᠮ ᠳᠤ ᠲᠡᠷᠭᠡ ᠨᠡᠪᠲᠡᠷᠡᠨ᠎ᠠ᠃

    ᠴᠸᠩᠳᠦ᠋ - ᠠᠨ ᠶᠤᠸᠠᠢ - ᠴᠦᠩᠴᠢᠩ ᠬᠤᠷᠳᠤᠨ ᠤ ᠵᠠᠮ ᠪᠡᠷ ᠲᠡᠷᠭᠡ ᠨᠡᠪᠲᠡᠷᠡᠭᠰᠡᠨ ᠤ ᠳᠠᠷᠠᠭ᠎ᠠ ᠴᠸᠩᠳᠦ᠋ ᠶᠢᠨ ᠬᠤᠳᠠ ᠲᠤᠭᠤᠷᠢᠭᠰᠠᠨ ᠬᠤᠷᠳᠤᠨ ᠤ ᠵᠠᠮ ᠡᠴᠡ ᠮᠤᠷᠳᠠᠵᠦ 2.5 ᠴᠠᠭ ᠶᠠᠪᠤᠬᠰᠠᠭᠠᠷ ᠴᠦᠩᠴᠢᠩ ᠤᠨ ᠬᠤᠲᠠ ᠲᠤᠭᠤᠷᠢᠭᠰᠠᠨ ᠬᠤᠷᠳᠤᠨ ᠤ ᠵᠠᠮ ᠳᠤ ᠬᠦᠷᠴᠢᠭᠡᠨ᠎ᠠ᠂ ᠴᠸᠩᠳᠦ᠋ - ᠴᠦᠩᠴᠢᠩ ᠤᠨ ᠬᠤᠷᠳᠤᠨ ᠤ ᠵᠠᠮ ᠢᠶᠡᠷ ᠠᠶᠠᠯᠠᠬᠤ ᠡᠴᠡ ᠴᠠᠭ ᠭᠠᠷᠤᠢ ᠬᠤᠭᠤᠴᠠᠭ᠎ᠠ ᠠᠷᠪᠢᠯᠠᠨ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011100001121719721