蒙古文网站Logo
ᠰᠢᠨᠬᠤᠸᠠ ᠮᠤᠩᠭ᠋ᠤᠯ ᠨᠧᠲ

ᠲᠤᠮᠲᠠᠲᠤ ᠮᠤᠩ᠋ᠭᠤᠯ ᠤᠨ ᠬᠤᠶᠠᠲᠤᠭᠠᠷ ᠬᠤᠭᠤᠴᠠᠭᠠᠨ ᠤ ᠦᠵᠡᠰᠬᠦᠯᠡᠩ ᠢᠶᠡᠷ ᠤᠨᠴᠠᠯᠢᠭᠲᠤ ᠪᠦᠲᠦᠭᠡ᠍᠍᠍ᠭ᠍ᠲᠡᠬᠦᠨ ᠤᠯᠠᠨ ᠤ ᠠᠩᠬᠠᠷᠤᠯ ᠳᠤ ᠬᠦᠷᠪᠡ

2017-09-26 18:19

    ᠰᠢᠨᠬᠤᠧᠠ ᠮᠤᠩᠭᠤᠯ ᠨᠧᠲ  ᠬᠦᠬᠡᠬᠤᠲᠠ ᠶᠢᠨ 9 ᠰᠠᠷ᠎ᠠ ᠶᠢᠨ 26 ᠤ ᠡᠲᠦᠷ ᠤᠨ ᠴᠠᠬᠢᠯᠭᠠᠨ ᠮᠡᠲᠡᠭᠡ ( ᠬ •ᠦᠵᠡᠰᠭᠦᠯᠡᠩ ) 26 ᠤ ᠡᠲᠦᠷ ᠤᠨ ᠦᠲᠡ ᠡᠴᠡ ᠡᠮᠦᠨ᠎ᠡ 《ᠲᠤᠮᠲᠠᠲᠤ ᠮᠤᠩ᠋ᠭᠤᠯ ᠤᠷᠤᠰ ᠤᠨ ᠡᠳ᠋ ᠤᠨ ᠵᠠᠰᠠᠭ ᠤᠨ ᠬᠤᠩᠬᠢᠯ ᠢ ᠪᠠᠶᠢᠭᠤᠯᠬᠤ᠂ ᠲᠡᠯᠡᠬᠡᠢ ᠨᠡᠶᠢᠲᠡ ᠳ᠋ᠤ ᠬᠠᠨᠲᠤᠭᠰᠠᠨ ᠬᠠᠮᠲᠤ ᠶᠢᠨ ᠠᠵᠢᠯᠯᠠᠭ᠎ᠠ ᠬᠠᠮᠲᠤ ᠶᠢᠨ ᠤᠯᠤᠯᠲᠠ ᠠᠮᠵᠢᠯᠲᠠ》ᠭᠡᠬᠦ ᠭᠤᠤᠯ ᠰᠡᠳᠦᠪᠲᠦ ᠲᠤᠮᠲᠠᠲᠤ ᠮᠤᠩ᠋ᠭᠤᠯ ᠤᠨ ᠬᠤᠶᠠᠲᠤᠭᠠᠷ ᠬᠤᠭᠤᠴᠠᠭᠠᠨ ᠤ ᠦᠵᠡᠰᠬᠦᠯᠡᠩ ᠬᠦᠬᠡᠬᠤᠲᠠ ᠳ᠋ᠤ ᠨᠡᠬᠡᠬᠡᠭ᠍ᠲᠡᠯ᠎ᠡ᠃ ᠲᠤᠰ ᠬᠤᠭᠤᠴᠠᠭᠠᠨ ᠤ ᠦᠵᠡᠰᠬᠦᠯᠡᠩ ᠢᠶᠡᠷ ᠬᠤᠲᠠᠯᠲᠤᠭ᠎ᠠ ᠬᠦᠷᠦᠩᠭᠡ ᠤᠷᠤᠭᠤᠯᠤᠯᠲᠠ᠂ ᠴᠢᠭᠤᠯᠭ᠎ᠠ ᠠᠭᠤᠯᠵᠠᠯᠲᠠ᠂ ᠦᠵᠡᠰᠬᠦᠯᠡᠩ ᠶᠠᠭᠠᠷᠠᠮᠠᠭ᠂ ᠲᠤᠮᠲᠠᠲᠤ ᠮᠤᠩ᠋ᠭᠤᠯ ᠬᠤᠶᠠᠷ ᠤᠷᠤᠨ ᠤ ᠰᠤᠶᠤᠯ ᠤᠨ ᠰᠤᠯᠢᠯᠴᠠᠭ᠎ᠠ ᠭᠡᠬᠦ ᠲᠦᠷᠪᠡᠨ ᠶᠡᠬᠡ ᠠᠭᠤᠯᠭ᠎ᠠ ᠶᠢᠨ ᠲᠤᠭᠤᠷᠢᠨ ᠳ᠋ᠤ 23 ᠪᠤᠲᠠᠲᠤ ᠠᠷᠭ᠎ᠠ ᠬᠡᠮᠵᠢᠶ᠎ᠠ ᠵᠤᠬᠢᠶᠠᠨ ᠪᠠᠶᠢᠭᠤᠯᠤᠬᠲᠠᠬᠤ ᠪᠤᠯᠤᠨ᠎ᠠ᠃

    ᠤᠶᠢᠯᠠᠭᠠᠭᠰᠠᠨ ᠢᠶᠡᠷ ᠲᠤᠮᠲᠠᠲᠤ ᠮᠤᠩ᠋ᠭᠤᠯ ᠤᠨ ᠬᠤᠶᠠᠲᠤᠭᠠᠷ ᠬᠤᠭᠤᠴᠠᠭᠠᠨ ᠤ ᠦᠵᠡᠰᠬᠦᠯᠡᠩ 9 ᠰᠠᠷ᠎ᠠ ᠶᠢᠨ 26 ᠤ ᠡᠲᠦᠷ ᠡᠴᠡ 30 ᠤ ᠡᠲᠦᠷ ᠪᠤᠯᠲᠠᠯ᠎ᠠ 5 ᠡᠲᠦᠷ ᠤᠨ ᠬᠤᠭᠤᠴᠠᠭ᠎ᠠ ᠲᠠᠢ ᠶᠠᠪᠤᠭᠲᠠᠨ᠎ᠠ᠃ ᠤᠯᠤᠰ ᠤᠨ ᠲᠤᠲᠤᠭᠠᠲᠤ ᠭᠠᠲᠠᠭᠠᠲᠤ ᠶᠢᠨ ᠠᠯᠪᠠᠨ ᠲᠤᠰᠢᠶᠠᠯᠲᠠᠨ᠂ ᠡᠷᠲᠡᠮᠲᠡᠨ ᠮᠡᠷᠭᠡᠵᠢᠯᠲᠠᠨ᠂ ᠠᠵᠤ ᠠᠬᠤᠶ ᠶᠢᠨ ᠨᠢᠭᠡᠴᠡ ᠶᠢᠨ ᠲᠦᠯᠦᠭᠡᠯᠡᠭᠴᠢ᠂ ᠤᠷᠠᠯᠢᠭ ᠰᠫᠤᠷᠲ ᠤᠨ ᠬᠢᠨ ᠤ 2000 ᠭᠠᠷᠤᠢ ᠵᠤᠴᠢᠨ ᠤᠷᠤᠯᠴᠠᠨ᠎ᠠ᠃

    ᠨᠡᠬᠡᠬᠡᠯᠲᠡ ᠶᠢᠨ ᠶᠤᠰᠤᠯᠠᠯ ᠤᠨ ᠲᠠᠷᠠᠭ᠎ᠠ ᠦᠪᠦᠷ ᠮᠤᠩᠭᠤᠯ ᠤᠨ ᠤᠯᠠᠨ ᠤᠯᠤᠰ ᠤᠨ ᠦᠵᠡᠰᠬᠦᠯᠡᠩ ᠤᠨ ᠲᠦᠪ ᠲᠡᠬᠢ ᠦᠵᠡᠰᠬᠦᠯᠡᠩ ᠶᠠᠭᠠᠷᠠᠮᠠᠭ ᠵᠢᠩᠭᠢᠨᠢ ᠪᠡᠷ ᠡᠬᠢᠯᠡᠵᠦ᠂ ᠬᠤᠲᠠ ᠶᠢᠨ ᠢᠷᠭᠡᠳ ᠠᠶᠤᠯᠬᠦᠢ ᠶᠢᠨ ᠪᠠᠶᠢᠴᠠᠭᠠᠯᠲᠠ ᠶᠢ ᠦᠩᠭᠡᠷᠡᠨ ᠡᠮᠬᠢ ᠴᠡᠭᠴᠡ ᠲᠠᠢ ᠪᠡᠷ ᠦᠵᠡᠬᠦᠯᠦᠯᠭᠡ ᠶᠢᠨ ᠲᠠᠩᠬᠢᠮ ᠤᠷᠤᠭᠤ ᠤᠷᠤᠵᠠᠭᠠᠪᠠ᠃

    ᠰᠤᠷᠪᠤᠯᠵᠢᠯᠠᠭᠴᠢ ᠶᠢᠨ ᠠᠵᠢᠭᠯᠠᠭᠰᠠᠨ ᠢᠶᠡᠷ᠂ ᠦᠵᠡᠰᠬᠦᠯᠡᠩ ᠳ᠋ᠦ  ᠤᠯᠤᠰ ᠲᠠᠶᠠᠭᠠᠷ ᠤᠨ ᠡᠯ᠎ᠡ ᠮᠤᠵᠢ᠂ ᠬᠤᠲᠠ᠂ ᠦᠪᠡᠷᠲᠡᠭᠡᠨ ᠵᠠᠰᠠᠬᠤ ᠤᠷᠤᠨ ᠪᠠ ᠰᠢᠶᠠᠩᠭᠠᠩ᠂ ᠤᠤᠮᠧᠨ ᠤ ᠦᠵᠡᠬᠦᠯᠦᠯᠭᠡ ᠶᠢᠨ ᠲᠠᠩᠬᠢᠮ᠂ ᠦᠪᠦᠷ ᠮᠤᠩᠭᠤᠯ ᠤᠨ ᠦᠵᠡᠬᠦᠯᠦᠯᠭᠡ ᠶᠢᠨ ᠲᠠᠩᠬᠢᠮ᠂ ᠮᠤᠩᠭᠤᠯ ᠤᠯᠤᠰ᠂ ᠤᠷᠤᠰ ᠵᠡᠷᠭᠡ 30 ᠭᠠᠷᠤᠢ ᠤᠯᠤᠰ ᠤᠷᠤᠨ ᠤ ᠤᠨᠴᠠᠯᠢᠭᠲᠤ ᠪᠦᠲᠦᠭᠡᠭ᠍ᠲᠡᠬᠦᠨ ᠪᠠ ᠬᠦᠮᠦᠯᠢᠭ ᠤᠨ ᠰᠤᠯᠢᠯᠴᠠᠭ᠎ᠠ᠂ ᠬᠡᠷᠡᠭᠯᠡᠭᠡᠨ ᠤ ᠮᠡᠷᠭᠡᠵᠢᠯ ᠢ ᠬᠠᠷᠠᠭᠤᠯᠤᠭᠰᠠᠨ ᠦᠵᠡᠬᠦᠯᠦᠯᠭᠡ ᠶᠢᠨ ᠲᠠᠩᠬᠢᠮ᠂ ᠤᠯᠠᠨ ᠤᠯᠤᠰ ᠤᠨ ᠮᠤᠩᠭᠤᠯ ᠡᠮ ᠡᠮᠨᠡᠯᠭᠡ᠂ ᠲᠤᠮᠲᠠᠲᠤ ᠮᠤᠩ᠋ᠭᠤᠯ ᠤᠨ ᠰᠤᠷᠭᠠᠨ ᠬᠦᠮᠦᠵᠢᠯ ᠰᠢᠨᠵᠢᠯᠡᠬᠦ ᠤᠬᠠᠭᠠᠨ ᠲᠧᠭ᠍ᠨᠤᠯᠤᠬᠢ ᠶᠢᠨ ᠦᠵᠡᠬᠦᠯᠦᠯᠭᠡ ᠶᠢᠨ ᠲᠠᠩᠬᠢᠮ᠂ ᠲᠤᠮᠲᠠᠲᠤ ᠮᠤᠩᠭᠤᠯ ᠤᠷᠤᠰ ᠤᠨ ᠠᠶᠠᠯᠠᠯ ᠵᠢᠭᠤᠯᠴᠢᠯᠠᠯ ᠤᠨ ᠪᠦᠲᠦᠭᠡᠭ᠍ᠲᠡᠬᠦᠨ᠂ ᠤᠯᠠᠨ ᠤᠯᠤᠰ ᠤᠨ ᠠᠲᠤᠭᠤᠨ ᠤ ᠦᠢᠯᠡᠰ ᠪᠠ ᠤᠯᠠᠨ ᠤᠯᠤᠰ ᠤᠨ ᠲᠠᠷᠢᠶᠠᠯᠠᠩ ᠤᠨ ᠪᠦᠲᠦᠭᠡᠭ᠍ᠲᠡᠬᠦᠨ ᠤ ᠲᠡᠯᠭᠡᠨ ᠦᠵᠡᠬᠦᠯᠦᠯᠭᠡ ᠶᠢᠨ ᠲᠠᠩᠬᠢᠮ᠂ ᠮᠤᠩ᠋ᠭᠤᠯ ᠤᠯᠤᠰ ᠤᠨ ᠪᠠᠷᠠᠭ᠎ᠠ ᠪᠦᠲᠦᠭᠡᠭ᠍ᠲᠡᠬᠦᠨ ᠤ ᠦᠵᠡᠬᠦᠯᠦᠯᠭᠡ ᠶᠢᠨ ᠲᠠᠩᠬᠢᠮ᠂ ᠲᠤᠮᠲᠠᠲᠤ ᠮᠤᠩ᠋ᠭᠤᠯ ᠤᠷᠤᠰ ᠤᠨ ᠲᠤᠰᠤᠨ ᠵᠢᠷᠤᠭ᠂ ᠤᠷᠠᠨ ᠪᠢᠴᠢᠯᠭᠡ ᠶᠢᠨ ᠦᠵᠡᠬᠦᠯᠦᠯᠭᠡ ᠶᠢᠨ ᠲᠠᠩᠬᠢᠮ ᠵᠡᠷᠭᠡ ᠶᠢ ᠲᠤᠬᠢᠷᠠᠭᠤᠯᠤᠭᠰᠠᠨ ᠪᠠᠶᠢᠪᠠ᠃

    ᠦᠵᠡᠰᠬᠦᠯᠡᠩ ᠢᠶᠡᠷ ᠵᠤᠷᠴᠢᠭᠰᠠᠳ ᠠᠵᠢᠯᠲᠠᠳ ᠤᠨ ᠲᠠᠭᠠᠭᠤᠯᠭ᠎ᠠ ᠪᠡᠷ ᠨᠠᠷᠢᠯᠢᠬ ᠰᠤᠨᠢᠷᠬᠠᠵᠤ ᠦᠵᠡᠬᠦ ᠶᠢᠨ ᠵᠡᠷᠬᠡᠴᠡᠬᠡ ᠭᠠᠷ ᠤᠲᠠᠰᠤ ᠪᠡᠷ ᠪᠠᠶᠢᠨ ᠲᠠᠬᠢᠨ ᠪᠠᠷᠠᠭ᠎ᠠ ᠪᠦᠲᠦᠭᠡᠭ᠍ᠲᠡᠬᠦᠨ ᠢ ᠨᠢ ᠵᠢᠷᠤᠭᠯᠠᠵᠤ ᠭᠠᠶᠢᠬᠠᠨ ᠪᠠᠶᠠᠰᠤᠨ᠎ᠠ᠃ ᠬᠦᠬᠡᠬᠤᠲᠠ ᠶᠢᠨ ᠢᠷᠭᠡᠨ ᠬᠤᠩ ᠹᠧᠩ ᠶᠦᠨ ᠨᠠᠰᠤᠲᠠᠨ ᠦᠷᠯᠦᠭᠡ ᠨᠠᠶᠢᠵᠠ ᠲᠠᠢ ᠪᠠᠨ ᠬᠠᠮᠲᠤᠪᠡᠷ ᠦᠵᠡᠰᠬᠦᠯᠡᠩ ᠢ ᠦᠵᠡᠬᠦ ᠪᠡᠷ ᠢᠷᠡᠵᠦ᠂ ᠮᠤᠩ᠋ᠭᠤᠯ ᠤᠯᠤᠰ ᠤᠨ ᠬᠤᠪᠴᠠᠰᠤ ᠵᠠᠰᠠᠯ᠂ ᠭᠠᠷ ᠤᠷᠠᠯᠠᠯ ᠤᠨ ᠪᠦᠲᠦᠭᠡᠭ᠍ᠲᠡᠬᠦᠨ ᠵᠡᠷᠭᠡ ᠶᠢ ᠰᠤᠨᠢᠷᠬᠠᠵᠤ ᠦᠪᠡᠷ ᠤᠨ ᠡᠷᠬᠡ ᠦᠭᠡᠢ ᠱᠠᠭᠰᠢᠵᠤ ᠮᠠᠭᠲᠠᠨ᠎ᠠ᠃ ᠲᠡᠷᠡᠪᠡᠷ᠂ ᠠᠩᠬ᠎ᠠ ᠤᠲᠠᠭ᠎ᠠ ᠡᠶᠢᠮᠦ ᠦᠷᠭᠡᠨ ᠬᠡᠪᠴᠢᠶᠠᠨ ᠤ ᠦᠵᠡᠰᠬᠦᠯᠡᠩ ᠢ ᠲᠤᠭᠤᠷᠢᠨ ᠰᠤᠨᠢᠷᠬᠠᠵᠦ ᠪᠠᠶᠢᠨ᠎ᠠ᠃ ᠮᠤᠩ᠋ᠭᠤᠯ ᠤᠯᠤᠰ ᠤᠨ ᠲᠡᠷᠯᠢᠭ᠌᠌ ᠭᠤᠶᠤ ᠪᠠᠶᠢᠨ᠎ᠠ᠂ ᠵᠠᠭᠪᠤᠷ ᠬᠢᠴᠡ ᠨᠢ ᠤᠨᠴᠠᠯᠢᠭ ᠲᠠᠢ᠂ ᠴᠢᠨᠠᠷ ᠰᠠᠶᠢᠨ ᠪᠦᠭᠡᠳ ᠦᠨ᠎ᠡ ᠨᠢ ᠪᠠᠰᠠ ᠬᠢᠮᠲᠠᠬᠠᠨ ᠭᠡᠯ᠎ᠡ᠃

    ᠬᠤᠶᠠᠲᠡᠬᠢ ᠤᠲᠠᠭ᠎ᠠ ᠪᠠᠨ ᠮᠤᠩᠭᠤᠯ ᠤᠯᠤᠰ ᠡᠴᠡ ᠬᠦᠬᠡᠬᠤᠲᠠ ᠶᠢ ᠵᠤᠷᠢᠨ ᠲᠤᠮᠲᠠᠲᠤ ᠮᠤᠩᠭᠤᠯ ᠤᠨ ᠬᠤᠶᠠᠲᠤᠭᠠᠷ ᠬᠤᠭᠤᠴᠠᠭᠠᠨ ᠤ ᠦᠵᠡᠰᠬᠦᠯᠡᠩ ᠳ᠋ᠤ ᠤᠷᠤᠯᠴᠠᠵᠤ ᠪᠠᠶᠢᠭ᠎ᠠ ᠮᠤᠩᠭᠤᠯ ᠤᠯᠤᠰ ᠤᠨ ᠠᠷᠠᠯᠵᠢᠶᠠᠴᠢᠨ ᠲᠤᠭᠲᠠᠮ᠎ᠠ ᠬᠢᠲᠠᠳ ᠦᠭᠡ ᠨᠡᠯᠢᠶᠡᠳ ᠤᠶᠢᠯᠠᠭᠠᠬᠤ ᠪᠦᠭᠡᠳ ᠡᠲᠦᠷ ᠲᠤᠲᠤᠮ ᠤᠨ ᠶᠠᠷᠢᠶ᠎ᠠ ᠶᠢ ᠴᠦ ᠰᠠᠶᠢᠬᠠᠨ ᠶᠠᠷᠢᠴᠢᠬᠠᠳᠠᠬ᠃ ᠡᠨᠡ ᠤᠲᠠᠭ᠎ᠠ ᠲᠡᠷᠡᠪᠡᠷ ᠴᠢᠨᠠᠷ ᠰᠠᠶᠢᠳᠠᠢ ᠪᠦᠲᠦᠭᠡᠭ᠍ᠲᠡᠬᠦᠨ ᠤ ᠪᠡᠨ ᠲᠤᠭ᠎ᠠ ᠶᠢ ᠪᠠᠭ᠎ᠠ ᠨᠡᠮᠡᠵᠦ᠂ ᠪᠤᠷᠤᠯᠠᠭᠤᠯᠭ᠎ᠠ ᠪᠠᠨ ᠨᠡᠮᠡᠭᠲᠡᠬᠦᠯᠬᠦ ᠪᠡᠷ ᠪᠠᠶᠢᠨ᠎ᠠ᠃ 《ᠦᠩᠭᠡᠷᠡᠭᠰᠡᠨ ᠤᠲᠠᠭᠠᠨ ᠤ ᠦᠵᠡᠰᠬᠦᠯᠡᠩ ᠳ᠋ᠤ ᠪᠤᠷᠤᠯᠠᠭᠤᠯᠭ᠎ᠠ ᠶᠡᠬᠡ ᠰᠠᠶᠢᠨ ᠪᠠᠶᠢᠭᠰᠠᠨ᠂ ᠡᠨᠡ ᠤᠲᠠᠭ᠎ᠠ ᠨᠡᠩ ᠰᠠᠶᠢᠨ ᠪᠤᠯᠬᠤ ᠶᠢ ᠬᠦᠰᠡᠵᠦ ᠪᠠᠶᠢᠨ᠎ᠠ》ᠭᠡᠵᠤ ᠳᠡᠷᠡᠪᠡᠷ ᠶᠠᠷᠢᠯ᠎ᠠ᠃

ᠢᠷᠡᠯᠳᠡ᠄ ᠰᠢᠨᠬᠤᠧᠠ ᠮᠤᠩᠭᠤᠯ ᠨᠧᠲ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011100001121727940