蒙古文网站Logo
ᠰᠢᠨᠬᠤᠸᠠ ᠮᠤᠩᠭ᠋ᠤᠯ ᠨᠧᠲ

ᠬᠤᠷᠳᠤᠨ ᠤ ᠲᠡᠮᠦᠷ ᠵᠠᠮ ᠤᠨ ᠠᠶᠠᠯᠠᠯ ᠲᠠᠢ ᠤᠶᠠᠯᠳᠤᠭᠤᠯᠤᠭᠰᠠᠨ ᠨᠡᠶᠢᠲᠡ ᠶ᠋ᠢᠨ ᠬᠡᠷᠡᠭᠯᠡᠭᠡᠨ ᠦ ᠮᠠᠰᠢᠨ ᠥᠪᠥᠷ ᠮᠣᠩᠭᠣᠯ ᠤᠨ ᠬᠥᠬᠡᠬᠣᠲᠠ ᠳ᠋ᠤ ᠠᠰᠢᠭᠯᠠᠯᠲᠠ ᠳ᠋ᠤ ᠣᠷᠣᠪᠠ

2017-09-26 18:08

    ᠳᠤᠮᠳᠠᠳᠤ ᠤᠯᠤᠰ ᠤᠨ ᠮᠣᠩᠭᠣᠯ ᠷᠠᠳᠢᠣ᠋ ᠰᠦᠯᠵᠢᠶ᠎ᠡ ᠶᠢᠨ 9 ᠰᠠᠷ᠎ᠠ ᠵᠢᠨ 25 ‍ᠥ ᠡᠳᠦᠷ ‍ᠥᠨ ᠮᠡᠳᠡᠭᠡ ᠶᠢ ᠦᠨᠳᠦᠰᠦᠯᠡᠪᠡᠯ᠂ ᠬᠤᠷᠳᠤᠨ ᠤ ᠲᠡᠮᠦᠷ ᠵᠠᠮ ᠤᠨ ᠠᠶᠠᠯᠠᠯ ᠲᠠᠢ ᠤᠶᠠᠯᠳᠤᠭᠤᠯᠤᠭᠰᠠᠨ ᠨᠡᠶᠢᠲᠡ ᠶ᠋ᠢᠨ ᠬᠡᠷᠡᠭᠯᠡᠭᠡᠨ ᠦ ᠮᠠᠰᠢᠨ ᠪᠣᠯᠬᠤ ᠴᠢ ᠷᠦᠢ EQ ᠮᠠᠷᠺ ᠤᠨ ᠴᠠᠬᠢᠯᠭᠠᠨ ᠬᠥᠳᠡᠯᠭᠡᠭᠦᠷᠲᠦ 20 ᠮᠠᠰᠢᠨ ᠥᠨᠥᠬᠡᠨ ᠥᠪᠥᠷ ᠮᠣᠩᠭᠣᠯ ᠤᠨ ᠬᠥᠬᠡᠬᠣᠲᠠ ᠶ᠋ᠢᠨ ᠭᠠᠯᠲᠤ ᠲᠡᠷᠭᠡᠨ ᠦ ᠥᠷᠲᠡᠭᠡ ᠪᠣᠯᠣᠨ ᠬᠥᠬᠡᠬᠣᠲᠠ ᠶ᠋ᠢᠨ ᠭᠠᠯᠲᠤ ᠲᠡᠷᠭᠡᠨ ᠦ ᠵᠡᠭᠦᠨ ᠥᠷᠲᠡᠭᠡ ᠳ᠋ᠦ ᠠᠰᠢᠭᠯᠠᠯᠲᠠ ᠳ᠋ᠤ ᠣᠷᠣᠭᠰᠠᠨ ᠪᠠᠶᠢᠨ᠎ᠠ᠃ ᠡᠨᠡ ᠨᠢ ᠮᠥᠨ ᠴᠦ ᠨᠡᠶᠢᠲᠡ ᠶ᠋ᠢᠨ ᠬᠡᠷᠡᠭᠯᠡᠭᠡᠨ ᠦ ᠮᠠᠰᠢᠨ ᠠᠩᠬ᠎ᠠ ᠤᠳᠠᠭ᠎ᠠ ᠬᠥᠬᠡᠬᠣᠲᠠ ᠶ᠋ᠢᠨ ᠲᠡᠮᠦᠷ ᠵᠠᠮ ᠤᠨ ᠲᠣᠪᠴᠢᠶ᠎ᠠ ᠲᠠᠢ ᠬᠠᠮᠲᠤᠷᠠᠨ ᠠᠵᠢᠯᠯᠠᠵᠤ ᠪᠠᠶᠢᠭ᠎ᠠ ᠬᠤᠷᠳᠤᠨ ᠤ ᠲᠡᠮᠦᠷ ᠵᠠᠮ ᠤᠨ ᠲᠥᠷᠥᠯ ᠵᠦᠢᠯ ᠪᠣᠯᠣᠨ᠎ᠠ᠃ ᠲᠡᠷᠡ ᠨᠢ ᠬᠤᠷᠳᠤᠨ ᠤ ᠲᠡᠮᠦᠷ ᠵᠠᠮ ᠪᠣᠯᠣᠨ ᠨᠡᠶᠢᠲᠡ ᠶ᠋ᠢᠨ ᠬᠡᠷᠡᠭᠯᠡᠭᠡᠨ ᠦ ᠮᠠᠰᠢᠨ ᠤ ᠤᠶᠠᠯᠳᠤᠯ ᠢ ᠪᠡᠶᠡᠯᠡᠭᠦᠯᠦᠭᠰᠡᠨ ᠪᠠᠶᠢᠨ᠎ᠠ᠃

    ᠬᠠᠮᠲᠤ ᠪᠠᠷ ᠠᠰᠢᠭ ᠬᠦᠷᠲᠡᠬᠦ ᠡᠳ᠋ ᠤᠨ ᠵᠠᠰᠠᠭ ᠲᠦᠷᠭᠡᠨ ᠬᠥᠭᠵᠢᠬᠦ ᠶ᠋ᠢ ᠳᠠᠭᠠᠯᠳᠤᠨ ᠨᠡᠶᠢᠲᠡ ᠶ᠋ᠢᠨ ᠬᠡᠷᠡᠭᠯᠡᠭᠡᠨ ᠦ ᠳᠤᠭᠤᠢ ᠲᠡᠷᠭᠡ ᠪᠠ ᠮᠠᠰᠢᠨ ᠲᠡᠷᠭᠡ ᠵᠡᠷᠭᠡ ᠵᠠᠮ ᠬᠠᠷᠢᠯᠴᠠᠭᠠᠨ ᠤ ᠬᠡᠷᠡᠭᠰᠡᠯ ᠨᠢ ᠣᠯᠠᠨ ᠲᠦᠮᠡᠨ ᠦ ᠶᠠᠪᠤᠵᠤ ᠰᠠᠭᠤᠬᠤ ᠳ᠋ᠦ ᠲᠥᠬᠥᠮ ᠦᠵᠡᠭᠦᠯᠬᠦ ᠰᠢᠨ᠎ᠡ ᠬᠡᠷᠡᠭᠰᠡᠯ ᠪᠣᠯᠣᠭᠰᠠᠨ ᠪᠠᠶᠢᠨ᠎ᠠ᠃ ᠬᠥᠬᠡᠬᠣᠲᠠ ᠶ᠋ᠢᠨ ᠲᠡᠮᠦᠷ ᠵᠠᠮ ᠤᠨ ᠲᠣᠪᠴᠢᠶᠠᠨ ᠤ ᠬᠢᠨ ᠠᠶᠠᠨᠴᠢᠳ ᠲᠤ ᠨᠡᠩ ᠰᠠᠶᠢᠨ ᠦᠢᠯᠡᠴᠢᠯᠡᠬᠦ ᠶ᠋ᠢᠨ ᠲᠥᠯᠥᠭᠡ ᠨᠡᠶᠢᠲᠡ ᠶ᠋ᠢᠨ ᠬᠡᠷᠡᠭᠯᠡᠭᠡᠨ ᠦ ᠵᠠᠮ ᠬᠠᠷᠢᠯᠴᠠᠭᠠᠨ ᠤ ᠬᠡᠷᠡᠭᠰᠡᠯ ᠢ ᠬᠤᠷᠳᠤᠨ ᠤ ᠲᠡᠮᠦᠷ ᠵᠠᠮ ᠤᠨ ᠠᠶᠠᠯᠠᠯ ᠲᠠᠢ ᠤᠶᠠᠯᠳᠤᠭᠤᠯᠵᠤ᠂ ᠥᠪᠥᠷ ᠮᠣᠩᠭᠣᠯ ᠤᠨ ᠬᠠᠮᠢᠶᠠᠲᠠᠢ ᠠᠴᠢᠶ᠎ᠠ ᠵᠥᠭᠡᠭᠡᠪᠦᠷᠢ ᠶ᠋ᠢᠨ ᠬᠤᠳᠠᠯᠳᠤᠭᠠᠴᠢᠨ ᠲᠠᠢ ᠬᠠᠮᠲᠤᠷᠠᠨ ᠠᠵᠢᠯᠯᠠᠵᠤ᠂ ᠬᠤᠷᠳᠤᠨ ᠤ ᠲᠡᠮᠦᠷ ᠵᠠᠮ ᠤᠨ ᠠᠶᠠᠯᠠᠯ  ᠢ ᠨᠡᠶᠢᠲᠡ ᠶ᠋ᠢᠨ ᠬᠡᠷᠡᠭᠯᠡᠭᠡᠨ ᠦ ᠮᠠᠰᠢᠨ ᠲᠠᠢ ᠤᠶᠠᠯᠳᠤᠭᠤᠯᠬᠤ ᠦᠢᠯᠡᠴᠢᠯᠡᠭᠡ ᠬᠠᠩᠭᠠᠵᠤ ᠪᠠᠶᠢᠨ᠎ᠠ᠃ ᠠᠶᠠᠨᠴᠢᠳ ᠬᠠᠮᠢᠶᠠᠲᠠᠢ APP ᠰᠣᠹᠲ ᠢ ᠭᠠᠷ ᠤᠲᠠᠰᠤ ᠳᠡᠭᠡᠷ᠎ᠡ ᠪᠡᠨ ᠪᠠᠭᠤᠯᠭᠠᠵᠤ ᠠᠪᠤᠭᠠᠳ ᠪᠡᠶ᠎ᠡ ᠶ᠋ᠢᠨ ᠦᠨᠡᠮᠯᠡᠯ ᠪᠣᠯᠣᠨ ᠵᠢᠯᠣᠭᠣᠴᠢ ᠶ᠋ᠢᠨ ᠦᠨᠡᠮᠯᠡᠯ ᠦᠨ ᠢᠶᠡᠨ ᠭᠡᠷᠡᠯ ᠵᠢᠷᠤᠭ ᠢ ᠬᠠᠩᠭᠠᠵᠤ᠂ ᠳᠠᠨᠵᠢ ᠶ᠋ᠢᠨ ᠮᠥᠩᠭᠥ ᠪᠡᠨ ᠲᠤᠰᠢᠶᠠᠴᠢᠬᠠᠪᠠᠯ ᠨᠡᠶᠢᠲᠡ ᠶ᠋ᠢᠨ ᠬᠡᠷᠡᠭᠯᠡᠭᠡᠨ ᠦ ᠮᠠᠰᠢᠨ ᠢ ᠬᠢᠯᠪᠠᠷᠬᠠᠨ ᠠᠰᠢᠭᠯᠠᠵᠤ ᠪᠣᠯᠬᠤ ᠶᠤᠮ ᠪᠠᠶᠢᠨ᠎ᠠ᠃

    ᠣᠶᠢᠯᠠᠭᠠᠭᠰᠠᠨ ᠢᠶᠠᠷ᠂ ᠠᠶᠠᠨᠴᠢᠳ APP ᠰᠣᠹᠲ ᠢᠶᠠᠷ ᠳᠠᠮᠵᠢᠨ ᠡᠷᠢᠵᠦ ᠣᠯᠣᠭᠰᠠᠨ ᠣᠶᠢᠷ᠎ᠠ ᠬᠠᠪᠢ ᠳ᠋ᠤ ᠪᠠᠶᠢᠭ᠎ᠠ ᠨᠡᠶᠢᠲᠡ ᠶ᠋ᠢᠨ ᠬᠡᠷᠡᠭᠯᠡᠭᠡᠨ ᠦ ᠮᠠᠰᠢᠨ ᠳᠡᠭᠡᠷᠡᠬᠢ ᠨᠢᠭᠤᠴᠠ ᠺᠣᠳ᠋ ᠢ ᠭᠠᠷ ᠤᠲᠠᠰᠤ ᠪᠠᠷ ᠢᠶᠡᠨ ᠰᠢᠷᠪᠢᠬᠦ ᠳ᠋ᠦ ᠬᠦᠷᠪᠡᠯ ᠮᠠᠰᠢᠨ ᠤ ᠡᠭᠦᠳᠡ ᠠᠶᠠᠨᠳᠠᠭᠠᠨ ᠨᠡᠭᠡᠭᠡᠭᠳᠡᠬᠦ ᠪᠥᠭᠡᠳ ᠲᠤᠰ ᠮᠠᠰᠢᠨ ᠢ ᠴᠠᠭ ᠲᠤ 3.9 ᠮᠥᠩᠭᠥ ᠪᠡᠷ ᠨᠢᠭᠡ ᠺᠢᠯᠣᠮᠧᠲ᠋ᠷ ᠪᠣᠯᠭᠠᠨ ᠳ᠋ᠤ 0.5 ᠲᠦᠭᠦᠷᠢᠭ ᠦᠨ ᠨᠡᠮᠡᠯᠲᠡ ᠲᠥᠯᠥᠪᠦᠷᠢ ᠥᠭᠴᠦ ᠬᠢᠮᠳᠠᠬᠠᠨ ᠦᠨ᠎ᠡ ᠪᠡᠷ ᠬᠡᠷᠡᠭᠯᠡᠵᠦ ᠪᠣᠯᠣᠨ᠎ᠠ᠃ ᠣᠳᠣ ᠬᠥᠬᠡᠬᠣᠲᠠ ᠶ᠋ᠢᠨ ᠳ᠋ᠦᠩ ᠹᠠᠩ ᠶᠢᠨ ᠽᠦᠧᠧ ᠲᠠᠯᠠᠪᠠᠢ᠂ ᠯᠢᠦᠢ ᠳ᠋ᠢ ᠪᠠᠭ᠎ᠠ ᠰᠤᠷᠭᠠᠭᠤᠯᠢ᠂ ᠶᠡᠬᠡ ᠰᠤᠷᠭᠠᠭᠤᠯᠢ ᠶ᠋ᠢᠨ ᠠᠳᠠᠯ ᠦᠢᠯᠡᠰ ᠪᠣᠰᠬᠠᠬᠤ ᠬᠦᠷᠢᠶᠡᠯᠡᠩ ᠵᠡᠷᠭᠡ ᠨᠠᠢᠮᠠᠨ ᠭᠠᠵᠠᠷ ᠲᠤ ᠨᠡᠶᠢᠲᠡ ᠶ᠋ᠢᠨ ᠬᠡᠷᠡᠭᠯᠡᠭᠡᠨ ᠦ ᠮᠠᠰᠢᠨ ᠢ ᠠᠪᠴᠤ ᠬᠡᠷᠡᠭᠯᠡᠬᠦ ᠪᠠ ᠪᠤᠴᠠᠭᠠᠵᠤ ᠲᠠᠯᠪᠢᠬᠤ ᠥᠷᠳᠡᠭᠡ ᠪᠠᠶᠢᠬᠤ ᠪᠥᠭᠡᠳ ᠨᠡᠶᠢᠲᠡ 100 ᠮᠠᠰᠢᠨ ᠠᠶᠠᠨᠴᠢᠳ ᠲᠤ ᠦᠢᠯᠡᠴᠢᠯᠡᠬᠦ ᠳ᠋ᠦ ᠪᠡᠯᠡᠬᠡᠨ ᠪᠠᠶᠢᠨ᠎ᠠ᠃

ᠢᠷᠡᠯᠳᠡ᠄ ᠳᠤᠮᠳᠠᠳᠤ ᠤᠯᠤᠰ ᠤᠨ ᠮᠣᠩᠭᠣᠯ ᠷᠠᠳᠢᠣ᠋ ᠰᠦᠯᠵᠢᠶ᠎ᠡ  ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011120701121727973