蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠠᠷᠪᠠᠳᠤᠭᠠᠷ ᠬᠤᠭᠤᠴᠠᠭᠠᠨ ᠤ《ᠶᠤᠸᠠᠨ ᠤ ᠲᠡᠭᠡᠲᠤ ᠨᠡᠶᠢᠰᠯᠡᠯ》 ᠬᠠᠭᠠᠨ ᠤ ᠤᠷᠳᠤᠨ ᠤ ᠴᠠᠭᠠᠨ ᠢᠳᠡᠭᠡᠨ ᠤ ᠰᠤᠶᠤᠯ ᠤᠨ ᠨᠠᠶᠢᠷ ᠡᠬᠢᠯᠡᠪᠡ

2017-09-27 16:50

    ᠰᠢᠨᠬᠤᠸᠠ ᠮᠣᠩᠭᠣᠯ ᠨᠧᠲ   ᠰᠢᠯᠢᠩᠬᠤᠲᠠ ᠶᠢᠨ 9 ᠰᠠᠷ᠎ᠠ ᠶᠢᠨ 27 ᠤ ᠡᠳᠦᠷ ᠤᠨ ᠴᠠᠬᠢᠯᠭᠠᠨ ᠮᠡᠳᠡᠭᠡ (ᠬᠡᠤᠬᠡᠨᠰᠤᠯᠢ) 27 ᠤ ᠡᠳᠦᠷ᠂ ᠦᠪᠦᠷ ᠮᠣᠩᠭᠣᠯ ᠤᠨ ᠠᠷᠪᠠᠳᠤᠭᠠᠷ ᠬᠤᠭᠤᠴᠠᠭᠠᠨ ᠤ《 ᠶᠤᠸᠠᠨ ᠤ ᠲᠡᠭᠡᠲᠤ ᠨᠡᠶᠢᠰᠯᠡᠯ》 ᠬᠠᠭᠠᠨ ᠤ ᠤᠷᠳᠤᠨ ᠤ ᠴᠠᠭᠠᠨ ᠢᠳᠡᠭᠡᠨ ᠤ ᠰᠤᠶᠤᠯ ᠤᠨ ᠨᠠᠶᠢᠷ ᠦᠪᠦᠷ ᠮᠣᠩᠭᠣᠯ ᠤᠨ ᠰᠢᠯᠢ ᠶᠢᠨ ᠭᠤᠤᠯ ᠠᠶᠢᠮᠠᠭ ᠤᠨ ᠰᠢᠯᠤᠭᠤᠨ ᠬᠦᠬᠡ ᠬᠤᠰᠢᠭᠤᠨ ᠳᠤ ᠡᠬᠢᠯᠡᠪᠡ᠃

    ᠭᠤᠷᠪᠠᠨ ᠡᠳᠦᠷ ᠤᠨ ᠬᠤᠭᠤᠴᠠᠭ᠎ᠠ᠎ ᠲᠠᠢ ᠶᠠᠪᠤᠭᠳᠠᠬᠤ ᠲᠤᠰ ᠨᠠᠶᠢᠷ ᠢᠶᠡᠷ ᠰᠤᠮᠤ ᠪᠠᠯᠭᠠᠰᠤ ᠪᠡᠷ ᠨᠢᠭᠡᠴᠡᠯᠡᠭᠰᠡᠨ ᠴᠠᠭᠠᠨ ᠢᠳᠡᠭᠡᠨ ᠤ ᠳᠡᠯᠭᠡᠨ ᠦᠵᠡᠭᠦᠯᠦᠯᠭᠡ᠂ ᠬᠤᠷᠤᠳ ᠲᠦᠳ᠋ ᠵᠡᠷᠭᠡ ᠴᠠᠭᠠᠨ ᠢᠳᠡᠭᠡ ᠬᠢᠬᠦ ᠤᠷᠤᠯᠳᠤᠭᠠᠨ᠂ ᠰᠢᠷᠠᠰᠤ ᠪᠡᠷ ᠤᠮᠳᠠᠭᠠᠨ ᠬᠢᠬᠦ᠂ ᠡᠸᠦ᠋ᠷᠦᠫᠡ ᠮᠠᠶ᠊ᠢᠭ ᠤᠨ ᠵᠦᠭᠡᠭᠡᠢ ᠬᠢᠬᠦ ᠤᠷᠤᠯᠳᠤᠭᠠᠨ᠂ ᠰᠢ ᠪᠸᠢ᠂ ᠴᠠᠩ ᠬᠤᠩ᠂ ᠲᠡᠭᠷᠢ ᠲᠠᠯ᠎ᠠ ᠵᠡᠷᠭᠡ ᠰᠦᠨ ᠪᠦᠲᠦᠭᠡᠭ᠍ᠲᠡᠬᠦᠨ ᠪᠤᠯᠪᠠᠰᠤᠷᠠᠭᠤᠯᠬᠤ ᠠᠵᠤ ᠠᠬᠤᠶᠢᠯᠠᠯ ᠤᠳ ᠤᠨ ᠤᠯᠠᠮᠵᠢᠯᠠᠯᠲᠤ ᠪᠤᠯᠤᠨ ᠤᠳᠤᠬᠢ ᠴᠠᠭᠠᠨ ᠢᠳᠡᠭᠡᠨ ᠤ ᠳᠡᠯᠭᠡᠨ ᠦᠵᠡᠭᠦᠯᠦᠯᠭᠡ ᠵᠢᠴᠢ ᠳᠡᠯᠭᠡᠨ ᠪᠤᠷᠤᠯᠠᠭᠤᠯᠭ᠎᠎᠎ᠠ ᠶᠠᠪᠤᠭᠳᠠᠬᠤ ᠡᠴᠡ ᠭᠠᠳᠠᠨ᠎ᠠ᠂ 128 ᠬᠦᠴᠦᠲᠤ ᠪᠦᠬᠡ ᠶᠢᠨ ᠤᠷᠤᠯᠳᠤᠭᠠᠨ᠂ ᠤᠯᠠᠮᠵᠢᠯᠠᠯᠲᠤ ᠰᠤᠷ ᠬᠠᠷᠪᠤᠯᠲᠠ ᠶᠢᠨ ᠤᠷᠤᠯᠳᠤᠭᠠᠨ ᠪᠤᠯᠤᠨ ᠠᠭᠤᠳᠠᠮ ᠲᠠᠯᠠᠪᠠᠢ ᠶᠢᠨ ᠪᠦᠵᠢᠭ᠌ ᠤᠨ ᠤᠷᠤᠯᠳᠤᠭᠠᠨ ᠵᠡᠷᠭᠡ ᠠᠵᠢᠯᠯᠠᠭ᠎ᠠ ᠵᠤᠬᠢᠶᠠᠨ ᠪᠠᠶᠢᠭᠤᠯᠤᠨ᠎ᠠ᠃

    ᠤᠶᠢᠯᠠᠭᠠᠭᠰᠠᠨ ᠢᠶᠡᠷ᠂ ᠦᠩᠭᠡᠷᠡᠭᠰᠡᠨ ᠶᠢᠰᠦᠨ ᠬᠤᠭᠤᠴᠠᠭ᠎᠎ᠠ ᠪᠡᠨ ᠴᠠᠬᠠᠷ ᠴᠠᠭᠠᠨ ᠢᠳᠡᠭᠡᠨ ᠤ ᠰᠤᠶᠤᠯ ᠤᠨ ᠨᠠᠶᠢᠷ ᠬᠡᠮᠡᠨ ᠨᠡᠷᠡᠶᠢᠳᠴᠤ ᠪᠠᠶᠢᠭᠰᠠᠨ ᠢᠶᠡᠨ ᠶᠤᠸᠠᠨ ᠴᠢᠩ ᠬᠦᠷᠦᠨ ᠤ ᠦᠶ᠎ᠠ ᠳᠤ ᠬᠠᠭᠠᠨ ᠤ ᠤᠷᠳᠤᠨ ᠤ ᠴᠠᠭᠠᠨ ᠢᠳᠡᠭᠡ ᠶᠢ ᠬᠠᠩᠭᠠᠵᠤ ᠪᠠᠶᠢᠭᠰᠠᠨ ᠲᠡᠤᠬᠡ ᠶᠢ ᠬᠠᠷᠠᠭᠠᠯᠵᠠᠨ ᠠᠠᠷᠪᠠᠳᠤᠭᠠᠷ ᠬᠤᠭᠤᠴᠠᠭ᠎ᠠ ᠪᠡᠨ《ᠶᠤᠸᠠᠨ ᠤ ᠲᠡᠭᠡᠲᠤ ᠨᠡᠶᠢᠰᠯᠡᠯ》ᠬᠠᠭᠠᠨ ᠤ ᠤᠷᠳᠤᠨ ᠤ ᠴᠠᠭᠠᠨ ᠢᠳᠡᠭᠡᠨ ᠤ ᠰᠤᠶᠤᠯ ᠤᠨ ᠨᠠᠶᠢᠷ ᠬᠡᠮᠡᠨ ᠬᠠᠯᠠᠨ ᠨᠡᠷᠡᠶᠢᠳᠴᠤ ᠨᠤᠲᠤᠭ ᠤᠰᠤᠨ ᠤ ᠪᠡᠨ ᠨᠠᠮᠤᠷ ᠤᠨ ᠤᠯᠠᠷᠢᠯ ᠤᠨ ᠰᠤᠶᠤᠯ ᠵᠢᠭᠤᠯᠴᠢᠯᠠᠯ ᠤᠨ ᠦᠢᠯᠡᠰ ᠢ ᠤᠬᠠᠭᠤᠯᠤᠨ ᠳᠠᠶᠢᠴᠢᠯᠠᠬᠤ ᠶᠢᠨ ᠳᠠᠭᠠᠤ ᠴᠠᠭᠠᠨ ᠢᠳᠡᠭᠡᠨ ᠤ ᠦᠢᠯᠡᠰ ᠢ ᠤᠳᠤᠬᠢᠴᠢᠯᠠᠭᠰᠠ᠂ ᠵᠠᠬ᠎ᠠ ᠳᠡᠯᠬᠡᠬᠦᠷᠴᠢᠯᠡᠭᠰᠡᠨ᠂ ᠳᠡᠯᠡᠬᠡᠶᠢᠵᠢᠭᠰᠡᠨ ᠦᠷ᠎ᠠ ᠨᠦᠯᠦᠭᠡ ᠲᠠᠢ ᠪᠤᠯᠭᠠᠬᠤ ᠶᠢ ᠵᠤᠷᠢᠭᠰᠠᠨ ᠠᠵᠢ᠃ ᠮᠦᠨ ᠨᠠᠶᠢᠷ ᠢ ᠦᠨᠳᠦᠰᠦᠲᠡᠠ ᠤ ᠰᠤᠶᠤᠯ ᠢ ᠤᠯᠠᠮᠵᠢᠯᠠᠨ ᠳᠡᠯᠭᠡᠷᠡᠭᠦᠯᠵᠤ᠂ ᠪᠦᠰᠡ ᠨᠤᠲᠤᠭ ᠤᠨ ᠤᠨᠴᠠᠯᠢᠭᠲᠤ ᠡᠳ᠋ ᠤᠨ ᠵᠠᠰᠠᠭ ᠤᠨ ᠬᠦᠭ᠍ᠵᠢᠯᠲᠠ ᠶᠢ ᠳᠠᠶᠢᠴᠢᠯᠠᠨ᠂ ᠤᠯᠠᠮᠵᠢᠯᠠᠯᠲᠤ ᠪᠷᠧᠨ᠋ᠳ᠋ ᠢ ᠪᠤᠢ ᠪᠤᠯᠭᠠᠨ ᠤᠯᠠᠮᠵᠢᠯᠠᠯᠲᠤ ᠭᠠᠷ ᠦᠢᠯᠡᠳᠭᠡᠯ ᠤᠨ ᠪᠠᠷᠢᠮᠵᠢᠶᠠᠵᠢᠬᠤ᠂ ᠤᠯᠠᠨ ᠵᠠᠭᠪᠤᠷᠴᠢᠯᠠᠬᠤ ᠪᠠ ᠴᠢᠨᠠᠷ ᠢ ᠨᠢ ᠳᠡᠬᠡᠭᠰᠢᠯᠡᠬᠦᠯᠬᠦ᠂ ᠵᠡᠬ᠎ᠠ ᠳᠡᠯᠬᠡᠬᠦᠷᠴᠢᠯᠡᠬᠦ᠂ ᠪᠤᠷᠤᠯᠠᠭᠤᠯᠭ᠎ᠠ ᠶᠢ ᠴᠠᠬᠢᠮᠴᠢᠯᠠᠬᠤ ᠶᠢ ᠠᠬᠢᠭᠤᠯᠵᠤ᠂ ᠤᠯᠠᠮᠵᠢᠯᠠᠯᠲᠤ ᠪᠦᠲᠦᠭᠡᠭ᠍ᠲᠡᠬᠦᠨ ᠤ ᠨᠡᠮᠡᠯᠲᠡ ᠦᠷᠲᠡᠭ ᠢ ᠳᠡᠭᠡᠭ᠍ᠰᠢᠯᠡᠭᠦᠯᠤᠨ᠂ ᠪᠦᠰᠡ ᠨᠤᠲᠤᠭ ᠤᠨ ᠤᠨᠴᠠᠯᠢᠭᠲᠤ ᠠᠵᠤ ᠠᠬᠤᠶᠢᠯᠠᠯ ᠬᠢᠭᠡᠳ ᠠᠷᠠᠳ ᠢᠷᠭᠡᠳ ᠲᠤ ᠠᠰᠢᠭ ᠬᠦᠷᠲᠡᠭᠡᠬᠦ ᠡᠬᠦᠳᠡᠨ ᠡᠴᠡ ᠰᠢᠯᠤᠭᠤᠨ ᠬᠦᠬᠡ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠰᠠᠨᠠᠭᠠᠴᠢᠯᠠᠵᠤ᠂ ᠰᠢᠯᠤᠭᠤᠨ ᠬᠦᠬᠡ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠡᠴᠡ ᠵᠤᠬᠢᠶᠠᠨ ᠪᠠᠶᠢᠭᠤᠯᠵᠠᠢ᠃

ᠢᠷᠡᠯᠳᠡ᠄ ᠰᠢᠨᠬᠤᠸᠠ ᠮᠣᠩᠭᠣᠯ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011120701121733842