蒙古文网站Logo
ᠰᠢᠨᠬᠤᠸᠠ ᠮᠤᠩᠭ᠋ᠤᠯ ᠨᠧᠲ

ᠬᠤᠶᠠᠲᠤᠭᠠᠷ ᠬᠤᠭᠤᠴᠠᠭᠠᠨ ᠤ ᠲᠤᠮᠲᠠᠲᠤ ᠤᠯᠤᠰ•ᠤᠯᠠᠨ ᠤᠯᠤᠰ ᠤᠨ ᠮᠤᠩᠭᠤᠯ ᠪᠦᠵᠢᠭ ᠤᠨ ᠤᠷᠤᠯᠲᠤᠭᠠᠨ ᠬᠦᠬᠡᠬᠤᠲᠠ ᠳ᠋ᠤ ᠡᠬᠢᠯᠡᠪᠡ

2017-09-27 16:50

    ᠰᠢᠨᠬᠤᠧᠠ ᠮᠤᠩᠭᠤᠯ ᠨᠧᠲ   ᠬᠦᠬᠡᠬᠤᠲᠠ ᠶᠢᠨ 9 ᠰᠠᠷ᠎ᠠ ᠶᠢᠨ 26 ᠤ ᠡᠲᠦᠷ ᠤᠨ ᠴᠠᠬᠢᠯᠭᠠᠨ ᠮᠡᠲᠡᠭᠡ ( ᠬ•ᠦᠵᠡᠰᠭᠦᠯᠡᠩ ) ᠬᠤᠶᠠᠲᠤᠭᠠᠷ ᠬᠤᠭᠤᠴᠠᠭᠠᠨ ᠤ ᠲᠤᠮᠲᠠᠲᠤ ᠮᠤᠩᠭᠤᠯ ᠤᠨ ᠦᠵᠡᠰᠬᠦᠯᠡᠩ ᠤᠨ ᠴᠢᠬᠤᠯᠠ ᠨᠢᠭᠡ ᠤᠷᠠᠨ ᠰᠠᠶᠢᠬᠠᠨ ᠤ ᠠᠵᠢᠯᠯᠠᠭ᠎ᠠ ᠪᠤᠯᠬᠤ ᠬᠤᠶᠠᠲᠤᠭᠠᠷ ᠬᠤᠭᠤᠴᠠᠭᠠᠨ ᠤ ᠲᠤᠮᠲᠠᠲᠤ ᠤᠯᠤᠰ•ᠤᠯᠠᠨ ᠤᠯᠤᠰ ᠤᠨ ᠮᠤᠩᠭᠤᠯ ᠪᠦᠵᠢᠭ ᠤᠨ ᠤᠷᠤᠯᠲᠤᠭᠠᠨ 9 ᠰᠠᠷ᠎ᠠ ᠶᠢᠨ 26 ᠤ ᠡᠳᠦᠷ ᠦᠪᠦᠷ ᠮᠤᠩᠭᠤᠯ ᠤᠨ ᠬᠦᠬᠡᠬᠤᠳᠠ ᠳᠤ ᠨᠡᠬᠡᠬᠡᠯᠳᠡ ᠪᠡᠨ ᠬᠢᠪᠡ᠃ ᠤᠷᠤᠯᠳᠤᠭᠠᠨ 29 ᠤ ᠡᠲᠦᠷ ᠪᠤᠯᠲᠠᠯ᠎ᠠ ᠶᠠᠪᠤᠭᠳᠠᠨ᠎ᠠ᠃

    ᠤᠷᠤᠯᠲᠤᠭᠠᠨ ᠳ᠋ᠤ ᠮᠤᠩᠭᠤᠯ ᠤᠯᠤᠰ᠂ ᠤᠷᠤᠰ ᠤᠨ ᠬᠤᠯᠪᠤᠭᠠᠨ ᠤ ᠬᠠᠯᠢᠮᠠᠭ ᠪᠦᠭᠦᠲᠠ ᠨᠠᠶᠢᠷᠠᠮᠲᠠᠬᠤ ᠤᠯᠤᠰ᠂ ᠤᠷᠤᠰ ᠤᠨ ᠬᠤᠯᠪᠤᠭᠠᠨ ᠤ ᠢᠷᠺᠦ᠋ᠼᠺ ᠵᠧᠦ ᠵᠢᠴᠢ ᠤᠯᠤᠰ ᠤᠨ ᠲᠤᠲᠤᠭᠠᠲᠤ ᠶᠢᠨ ᠪᠡᠭᠡᠵᠢᠩ᠂ ᠰᠢᠨᠵᠢᠶᠠᠩ᠂ ᠱᠠᠨ ᠰᠢ ᠵᠡᠷᠭᠡ ᠮᠤᠵᠢ ᠬᠤᠲᠠ ᠦᠪᠡᠷᠲᠡᠭᠡᠨ ᠵᠠᠰᠠᠬᠤ ᠤᠷᠤᠨ ᠤ ᠤᠷᠠᠯᠢᠭ ᠤᠨ ᠪᠦᠯᠬᠦᠮ᠂ ᠤᠷᠤᠨ ᠲᠠᠶᠠᠭᠠᠷ ᠤᠨ 12 ᠠᠶᠢᠮᠠᠭ ᠬᠤᠲᠠ ᠶᠢᠨ ᠤᠷᠠᠯᠢᠭ ᠤᠨ ᠪᠦᠯᠬᠦᠮ ᠤᠨ 100 ᠭᠠᠷᠤᠢ ᠪᠦᠵᠢᠭ ᠤᠨ ᠤᠷᠠᠨ ᠪᠦᠲᠦᠭᠡᠯ ᠨᠡᠷ᠎ᠡ ᠪᠦᠷᠢᠳᠭᠡᠬᠦᠯᠵᠦ᠂ ᠲᠤᠮᠲᠠᠲᠤ ᠮᠤᠩᠭᠤᠯ ᠤᠷᠤᠰ ᠭᠤᠷᠪᠠᠨ ᠤᠯᠤᠰ ᠤᠨ ᠲᠤᠰᠬᠠᠢ ᠮᠡᠷᠭᠡᠵᠢᠯᠲᠡᠳ ᠡᠴᠡ ᠪᠦᠷᠢᠯᠲᠦᠭᠰᠡᠨ ᠰᠢᠭᠦᠭᠴᠢ ᠶᠢᠨ ᠪᠠᠭ ᠤᠨ ᠲᠦᠪ ᠭᠤᠤᠯᠴᠢ᠂ ᠨᠠᠷᠢᠨ ᠬᠢᠨᠠᠮᠠᠭᠠᠢ ᠰᠢᠬᠦᠯᠲᠡ ᠪᠡᠷ 47 ᠤᠷᠠᠨ ᠪᠦᠲᠦᠭᠡᠯ ᠡᠴᠦᠰ ᠤᠨ ᠰᠢᠬᠦᠯᠲᠡ ᠳ᠋ᠤ ᠤᠷᠤᠪᠠ᠃

    ᠤᠶᠢᠯᠠᠭᠠᠭᠰᠠᠨ ᠢᠶᠡᠷ᠂ ᠡᠨᠡᠬᠦ ᠤᠷᠤᠯᠲᠤᠭᠠᠨ ᠨᠢ ᠦᠪᠡᠷ ᠢᠶᠡᠨ ᠵᠤᠬᠢᠶᠠᠨ ᠪᠦᠲᠦᠭᠡᠭ᠍ᠰᠡᠨ ᠮᠤᠩᠭᠤᠯ ᠪᠦᠵᠢᠭ ᠪᠠ ᠤᠯᠠᠮᠵᠢᠯᠠᠯᠲᠤ ᠮᠤᠩᠭᠤᠯ ᠪᠦᠵᠢᠭ ᠭᠡᠬᠦ ᠬᠤᠶᠠᠷ ᠬᠡᠰᠡᠭ ᠢᠶᠡᠷ ᠤᠷᠤᠯᠲᠤᠨ᠎ᠠ᠃ ᠮᠦᠨ ᠤᠷᠠᠨ ᠪᠦᠲᠦᠭᠡᠯ ᠤᠨ ᠠᠭᠤᠯᠭ᠎ᠠ ᠦᠷᠭᠡᠨ ᠲᠡᠯᠭᠡᠷ᠂ ᠢᠯᠡᠳᠭᠡᠬᠦ ᠠᠷᠭ᠎ᠠ ᠬᠡᠯᠪᠡᠷᠢ ᠶᠢᠨ ᠬᠤᠪᠢ ᠳ᠋ᠤ ᠤᠯᠠᠨ ᠶᠠᠩᠵᠤ᠂ ᠵᠠᠯᠠᠭᠤ ᠪᠦᠵᠢᠭ ᠲᠢᠭᠯᠡᠴᠢᠳ ᠢᠶᠡᠷ ᠭᠤᠤᠯᠯᠠᠠᠭᠰᠠᠨ᠂ ᠤᠷᠠᠨ ᠪᠦᠲᠦᠭᠡᠯᠴᠢᠳ ᠤᠨ ᠶᠡᠷᠦᠩᠬᠡᠶᠢᠯᠡᠭᠰᠡᠨ ᠤᠷ᠎ᠠ ᠮᠡᠷᠭᠡᠰᠢᠯ ᠢ ᠬᠦᠨᠳᠦᠳᠭᠡᠭᠰᠡᠨ ᠢᠶᠡᠷ ᠢᠶᠡᠨ ᠤᠨᠴᠠᠯᠠᠭᠲᠠᠨ᠎ᠠ᠃ ᠠᠩᠬᠠᠲᠤᠭᠠᠷ ᠬᠤᠭᠤᠴᠠᠭᠠᠨ ᠤ ᠤᠯᠠᠨ ᠤᠯᠤᠰ ᠤᠨ ᠮᠤᠩᠭᠤᠯ ᠪᠦᠵᠢᠭ ᠤᠨ ᠤᠷᠤᠯᠲᠤᠭᠠᠨ 2015 ᠤᠨ ᠳ᠋ᠤ ᠶᠠᠪᠤᠭᠲᠠᠵᠤ ᠦᠩᠭᠡᠷᠡᠪᠡ᠃ ᠲᠤᠰ ᠤᠷᠤᠯᠲᠤᠭᠠᠨ ᠨᠢ ᠲᠤᠮᠲᠠᠲᠤ ᠤᠯᠤᠰ ᠤᠨ ᠮᠤᠩᠭᠤᠯ ᠪᠦᠵᠢᠭ ᠤᠨ ᠬᠠᠮᠤᠭ ᠤᠨ ᠲᠡᠭᠡᠳᠦ ᠲᠦᠪᠰᠢᠨ ᠤ ᠲᠤᠰᠬᠠᠢ ᠮᠡᠷᠭᠡᠵᠢᠯ ᠤᠨ ᠴᠢᠨᠠᠷᠲᠠᠢ ᠪᠦᠵᠢᠭ ᠤᠨ ᠤᠷᠤᠯᠲᠤᠭᠠᠨ ᠪᠤᠯᠬᠤᠷ ᠮᠤᠩᠭᠤᠯ ᠪᠦᠵᠢᠭ ᠤᠨ ᠤᠷᠠᠯᠢᠭ ᠤᠨ ᠬᠦᠭ᠍ᠵᠢᠯᠲᠠ ᠶᠢ ᠠᠬᠢᠭᠤᠯᠵᠤ᠂ ᠮᠤᠩᠭᠤᠯ ᠪᠦᠵᠢᠭ ᠤᠨ ᠲᠡᠯᠡᠬᠡᠢ ᠳ᠋ᠡᠬᠢ ᠨᠦᠯᠦᠭᠡᠯᠡᠬᠦ ᠬᠦᠴᠦᠨ ᠢ ᠨᠡᠮᠡᠭᠲᠡᠬᠦᠯᠬᠦ ᠪᠤᠯᠤᠨ᠎ᠠ᠃ (ᠵᠢᠷᠤᠭ ᠢ ᠳᠤᠶᠠᠭᠠᠳᠤ᠂ ᠸᠠᠩ ᠵᠧᠩ ᠬᠠᠩᠭ᠋ᠠᠪᠠ)

ᠢᠷᠡᠯᠳᠡ᠄ ᠰᠢᠨᠬᠤᠧᠠ ᠮᠤᠩᠭᠤᠯ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011120701121733850