蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭᠤᠯ ᠬᠤᠶᠠᠷ ᠵᠢᠯ ᠳᠤ ᠳᠠᠪᠬᠤᠷᠳᠠᠭᠰᠠᠨ ᠳᠤᠭ᠎ᠠ ᠪᠡᠷ 281 ᠳᠦᠮᠡᠨ ᠤᠷᠤᠰ ᠮᠤᠩᠭᠤᠯ ᠤᠨ ᠵᠢᠭᠤᠯᠴᠢᠨ ᠢ ᠬᠦᠯᠢᠶᠡᠨ ᠠᠪᠴᠠᠢ

2017-09-27 16:50

    9 ᠰᠠᠷ᠎ᠠ ᠶᠢᠨ 26 ᠤ ᠡᠳᠦᠷ᠂ ᠬᠤᠶᠠᠳᠤᠭᠠᠷ ᠬᠤᠭᠤᠴᠠᠭᠠᠨ ᠤ ᠳᠤᠮᠳᠠᠳᠤ ᠮᠤᠩᠭᠤᠯ ᠤᠨ ᠦᠵᠡᠰᠬᠦᠯᠡᠩ ᠤᠨ ᠴᠤᠪᠤᠷᠠᠯ ᠠᠷᠭ᠎ᠠ ᠬᠡᠮᠵᠢᠶᠡᠨ ᠤ ᠨᠢᠬᠡ ᠪᠤᠯᠬᠤ ᠦᠪᠦᠷ ᠮᠤᠩᠭᠤᠯ ᠤᠨ ᠠᠶᠠᠯᠠᠯ ᠵᠢᠭᠤᠯᠴᠢᠯᠠᠯ ᠵᠢᠴᠢ《ᠳᠦᠮᠡᠨ ᠭᠠᠵᠠᠷ ᠤᠨ ᠴᠠᠢ ᠶᠢᠨ ᠵᠠᠮ》 ᠤᠯᠠᠨ ᠤᠯᠤᠰ ᠤᠨ ᠠᠶᠠᠯᠠᠯ ᠵᠢᠭᠤᠯᠴᠢᠯᠠᠯ ᠤᠨ ᠳᠠᠨᠢᠯᠴᠠᠭᠤᠯᠭ᠎ᠠ ᠶᠢᠨ ᠬᠤᠷᠠᠯ ᠬᠦᠬᠡᠬᠤᠳᠠ ᠳᠤ ᠪᠤᠯᠪᠠ᠃ 《ᠳᠦᠮᠡᠨ ᠭᠠᠵᠠᠷ ᠤᠨ ᠴᠠᠢ ᠶᠢᠨ ᠵᠠᠮ》 ᠤᠯᠠᠨ ᠤᠯᠤᠰ ᠤᠨ ᠠᠶᠠᠯᠠᠯ ᠵᠢᠭᠤᠯᠴᠢᠯᠠᠯ ᠤᠨ ᠬᠤᠯᠪᠤᠭ᠎ᠠ ᠨᠢ ᠪᠦᠬᠦ ᠬᠡᠰᠢᠬᠦᠳ ᠤᠨ ᠬᠢᠨᠠᠨ ᠪᠠᠳᠤᠯᠠᠭ᠎ᠠ ᠪᠡᠷ ᠳᠤᠮᠳᠠᠳᠤ ᠤᠯᠤᠰ ᠤᠨ ᠬᠤᠧᠠᠩᠱᠠᠨ ᠬᠤᠳᠠ᠂ ᠮᠤᠩᠭᠤᠯ ᠤᠯᠤᠰ ᠤᠨ ᠳᠤᠷᠤᠨᠠᠭᠤᠪᠢ ᠠᠶᠢᠮᠠᠭ ᠪᠤᠯᠤᠨ ᠳᠤᠷᠤᠨᠠᠳᠤ ᠠᠶᠢᠮᠠᠭ᠂ ᠤᠷᠤᠰ ᠤᠨ ᠢᠷᠺᠦ᠋ᠼᠺ ᠵᠡᠷᠬᠡ ᠶᠢ ᠬᠤᠯᠪᠤᠭᠠᠨ ᠤ ᠬᠡᠰᠢᠬᠦᠨ ᠢᠶᠡᠷ ᠡᠯᠰᠡᠵᠤ᠂ ᠫᠠᠶᠢᠰᠠ ᠰᠡᠬᠦᠬᠦ ᠶᠤᠰᠤᠯᠠᠯ ᠶᠠᠪᠤᠭᠤᠯᠤᠭᠰᠠᠨ ᠪᠠᠶᠢᠨ᠎ᠠ᠃

    《ᠳᠦᠮᠡᠨ ᠭᠠᠵᠠᠷ ᠤᠨ ᠴᠠᠢ ᠶᠢᠨ ᠵᠠᠮ》  ᠨᠢ ᠹᠦᠵᠢᠶᠠᠨ ᠤ ᠡᠦ ᠢ ᠱᠠᠨ ᠤ ᠴᠠᠢ ᠶᠢᠨ ᠭᠠᠷᠤᠯᠳᠠ ᠶᠢᠨ ᠪᠦᠰᠡ ᠡᠴᠡ ᠡᠬᠢᠯᠡᠨ ᠬᠤᠨᠠᠨ᠂ ᠬᠤᠪᠧᠢ᠂ ᠱᠠᠨ ᠰᠢ᠂ ᠦᠪᠦᠷ ᠮᠤᠩᠭᠤᠯ ᠵᠡᠷᠬᠡ ᠭᠠᠵᠠᠷ ᠢ ᠦᠩᠬᠡᠷᠡᠨ ᠮᠤᠩᠭᠤᠯ ᠤᠯᠤᠰ᠂ ᠤᠷᠤᠰ ᠤᠨ ᠮᠤᠰᠺᠧᠠ ᠡᠴᠡ ᠰᠡᠨᠲ ᠫᠧᠲ᠋ᠧᠷᠪᠦ᠋ᠷᠡᠭ ᠬᠦᠷᠳᠡᠭ ᠦᠨᠢ ᠡᠷᠳᠡᠨ ᠤ ᠴᠠᠢ ᠶᠢᠨ ᠵᠠᠮ ᠪᠠᠶᠢᠵᠤ ᠨᠢᠬᠡᠨᠳᠡ 3 ᠵᠠᠭᠤᠨ ᠤ ᠳᠡᠤᠬᠡ ᠲᠠᠢ ᠪᠤᠯᠤᠭᠰᠠᠨ ᠶᠤᠮ᠃ 《ᠳᠦᠮᠡᠨ ᠭᠠᠵᠠᠷ ᠤᠨ ᠴᠠᠢ ᠶᠢᠨ ᠵᠠᠮ》 ᠤᠯᠠᠨ ᠤᠯᠤᠰ ᠤᠨ ᠠᠶᠠᠯᠠᠯ ᠵᠢᠭᠤᠯᠴᠢᠯᠠᠯ ᠤᠨ ᠬᠤᠯᠪᠤᠭ᠎ᠠ ᠨᠢ 2016 ᠤᠨ ᠤ 7 ᠰᠠᠷ᠎ᠠ ᠳᠤ ᠪᠠᠶᠢᠭᠤᠯᠤᠭᠳᠠᠭᠰᠠᠨ ᠡᠴᠡ ᠨᠠᠰᠢ ᠳᠤᠮᠳᠠᠳᠤ ᠤᠷᠤᠰ ᠮᠤᠩᠭᠤᠯ ᠤᠨ ᠠᠶᠠᠯᠠᠯ ᠵᠢᠭᠤᠯᠴᠢᠯᠠᠯ ᠤᠨ ᠡᠬᠢ ᠰᠤᠷᠪᠤᠯᠵᠢ ᠶᠢ ᠨᠢᠬᠡᠳᠬᠡᠬᠦ᠂ ᠳᠦᠷᠢ ᠳᠦᠷᠬᠦ ᠶᠢ ᠰᠤᠷᠳᠠᠯᠴᠢᠯᠠᠬᠤ ᠪᠠ ᠬᠤᠯᠪᠤᠭᠠᠯᠠᠨ ᠪᠤᠷᠤᠯᠠᠭᠤᠯᠬᠤ ᠵᠡᠷᠬᠡ ᠠᠵᠢᠯᠯᠠᠭ᠎ᠠ ᠵᠤᠬᠢᠶᠠᠨ ᠪᠠᠶᠢᠭᠤᠯᠵᠤ ᠢᠷᠡᠵᠡᠢ᠃ ᠳᠤᠭ᠎ᠠ ᠪᠦᠷᠢᠳᠬᠡᠯ ᠢ ᠦᠨᠳᠦᠰᠦᠯᠡᠪᠡᠯ᠂ 2015 ᠤᠨ ᠡᠴᠡ ᠤᠳᠤ ᠪᠤᠯᠳᠠᠯ᠎ᠠ ᠦᠪᠦᠷ ᠮᠤᠩᠭᠤᠯ ᠨᠢᠬᠡᠨᠳᠡ ᠳᠠᠪᠬᠤᠷᠳᠠᠭᠰᠠᠨ ᠳᠤᠭ᠎ᠠ ᠪᠡᠷ 169.8 ᠳᠦᠮᠡᠨ ᠮᠤᠩᠭᠤᠯ ᠤᠯᠤᠰ ᠤᠨ ᠵᠢᠭᠤᠯᠴᠢᠨ᠂ ᠳᠠᠪᠬᠤᠷᠳᠠᠭᠰᠠᠨ ᠳᠤᠭ᠎ᠠ ᠪᠡᠷ 111.4 ᠳᠦᠮᠡᠨ ᠤᠷᠤᠰ ᠤᠨ ᠵᠢᠭᠤᠯᠴᠢᠨ ᠢ ᠬᠦᠯᠢᠶᠡᠨ ᠠᠪᠴᠤ᠂ ᠤᠯᠤᠰ ᠲᠠᠶᠠᠭᠠᠷ ᠤᠨ ᠬᠡᠮᠵᠢᠶᠡᠨ ᠤ ᠬᠦᠯᠢᠶᠡᠨ ᠠᠪᠤᠭᠰᠠᠨ ᠳᠤᠰ ᠬᠤᠶᠠᠷ ᠬᠦᠷᠦᠨ ᠤ ᠵᠢᠭᠤᠯᠴᠢᠳ ᠤᠨ 80% ᠪᠠ 32% ᠶᠢ ᠡᠵᠡᠯᠡᠵᠡᠢ᠃

ᠢᠷᠡᠯᠳᠡ᠄ ᠦᠪᠦᠷ ᠮᠤᠩᠭᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011120701121733884