蒙古文网站Logo
ᠰᠢᠨᠬᠤᠸᠠ ᠮᠤᠩᠭ᠋ᠤᠯ ᠨᠧᠲ

ᠮᠠᠨ ᠤ ᠤᠯᠤᠰ ᠮᠤᠩᠭᠤᠯ ᠤᠯᠤᠰ ᠤᠨ ᠬᠠᠮᠤᠭ ᠤᠨ ᠳᠤᠮᠤ ᠬᠤᠳᠠᠯᠳᠤᠭᠠᠨ ᠤ ᠳᠦᠩᠰᠢ ᠶᠢᠨ ᠪᠠᠶᠢᠷᠢ ᠪᠡᠨ ᠠᠷᠪᠠᠨ ᠵᠢᠯ ᠡᠴᠡ ᠳᠡᠬᠡᠭᠰᠢ ᠳᠠᠷᠠᠭᠠᠯᠠᠨ ᠪᠠᠳᠤᠯᠠᠵᠤ ᠪᠤᠢ

2017-09-27 16:50

    ᠰᠢᠨᠬᠤᠧᠠ ᠬᠤᠷᠢᠶ᠎ᠠ  ᠬᠦᠬᠡᠬᠤᠳᠠ ᠶᠢᠨ 9 ᠰᠠᠷ᠎ᠠ ᠶᠢᠨ 26 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠸᠠᠩ ᠵᠢᠩ᠂ ᠵᠠᠩ ᠯᠢ ᠨᠠ) 26 ᠤ ᠡᠳᠦᠷ᠂ ᠦᠪᠦᠷ ᠮᠤᠩᠭᠤᠯ ᠤᠨ ᠬᠦᠬᠡᠬᠤᠳᠠ ᠳᠤ ᠨᠡᠬᠡᠬᠡᠯᠳᠡ ᠪᠡᠨ ᠬᠢᠭᠰᠡᠨ ᠬᠤᠶᠠᠳᠤᠭᠠᠷ ᠬᠤᠭᠤᠴᠠᠭᠠᠨ ᠤ ᠳᠤᠮᠳᠠᠳᠤ ᠮᠤᠩᠭᠤᠯ ᠤᠨ ᠦᠵᠡᠰᠬᠦᠯᠡᠩ ᠡᠴᠡ ᠤᠶᠢᠯᠠᠭᠠᠭᠰᠠᠨ ᠢᠶᠡᠷ᠂ ᠳᠤᠮᠳᠠᠳᠤ ᠮᠤᠩᠭᠤᠯ ᠤᠨ ᠬᠤᠳᠠᠯᠳᠤᠭ᠎ᠠ ᠦᠷᠬᠦᠯᠵᠢᠯᠡᠨ ᠳᠡᠯᠡᠵᠤ᠂ ᠳᠤᠮᠳᠠᠳᠤ ᠤᠯᠤᠰ ᠨᠢ ᠨᠢᠬᠡᠨᠳᠡ ᠮᠤᠩᠭᠤᠯ ᠤᠯᠤᠰ ᠤᠨ ᠬᠠᠮᠤᠭ ᠤᠨ ᠳᠤᠮᠤ ᠬᠤᠳᠠᠯᠳᠤᠭᠠᠨ ᠤ ᠳᠦᠩᠰᠢ ᠶᠢᠨ ᠪᠠᠶᠢᠷᠢ ᠰᠠᠭᠤᠷᠢ ᠪᠡᠨ ᠠᠷᠪᠠᠨ ᠵᠢᠯ ᠡᠴᠡ ᠳᠡᠬᠡᠭᠰᠢ ᠪᠠᠳᠤᠯᠠᠭᠰᠠᠨ ᠳᠡᠳᠦᠢ ᠦᠬᠡᠢ ᠤᠨᠴᠠᠭᠠᠶᠢᠯᠠᠨ ᠡᠨᠡ ᠵᠢᠯ ᠤᠨ 7 ᠰᠠᠷ᠎ᠠ ᠳᠤ ᠬᠤᠶᠠᠷ ᠤᠷᠤᠨ ᠤ ᠬᠤᠳᠠᠯᠳᠤᠭᠠᠨ ᠤ ᠦᠷᠳᠡᠭ 36.2 ᠳ᠋ᠦᠩᠰᠢᠭᠤᠷ ᠳ᠋ᠤᠯᠯᠠᠷ ᠲᠤ ᠬᠦᠷᠴᠤ ᠦᠩᠬᠡᠷᠡᠭᠰᠡᠨ ᠤ ᠠᠳᠠᠯᠢ ᠬᠤᠭᠤᠴᠠᠭᠠᠨ ᠤ ᠬᠢ ᠡᠴᠡ 46.3% ᠪᠡᠷ ᠨᠡᠮᠡᠭᠳᠡᠭᠰᠡᠨ ᠪᠠᠶᠢᠨ᠎ᠠ᠃

    ᠬᠤᠳᠠᠯᠳᠤᠭᠠᠨ ᠤ ᠶᠠᠪᠤᠳᠠᠯ ᠤᠨ ᠶᠠᠮᠤᠨ ᠤ ᠨᠡᠬᠡᠬᠡᠯᠳᠡ ᠶᠢᠨ ᠶᠤᠰᠤᠯᠠᠯ ᠢᠶᠡᠷ ᠵᠠᠷᠯᠠᠭᠰᠠᠨ ᠦᠵᠡᠬᠦᠯᠦᠯᠳᠡ ᠳᠤ᠂ 2017 ᠤᠨ ᠤ 7 ᠰᠠᠷ᠎ᠠ ᠪᠤᠯᠳᠠᠯ᠎ᠠ ᠳᠤᠮᠳᠠᠳᠤ ᠤᠯᠤᠰ ᠡᠴᠡ ᠮᠤᠩᠭᠤᠯ ᠤᠯᠤᠰ ᠲᠤ ᠤᠷᠤᠭᠤᠯᠤᠭᠰᠠᠨ ᠮᠦᠩᠬᠦᠨ ᠬᠦᠢᠯᠬᠡᠬᠡᠨ ᠤ ᠪᠤᠰᠤ ᠬᠦᠷᠦᠩᠬᠡ ᠤᠷᠤᠭᠤᠯᠤᠯᠳᠠ ᠨᠢᠬᠡᠨᠳᠡ 41.1 ᠳ᠋ᠦᠩᠰᠢᠭᠤᠷ ᠳ᠋ᠤᠯᠯᠠᠷ ᠬᠦᠷᠴᠤ᠂ ᠮᠤᠩᠭᠤᠯ ᠤᠯᠤᠰ ᠲᠡᠬᠢ ᠭᠠᠳᠠᠭᠠᠳᠤ ᠶᠢᠨ ᠬᠦᠷᠦᠩᠬᠡ ᠤᠷᠤᠭᠤᠯᠤᠯᠳᠠ ᠶᠢᠨ ᠶᠡᠷᠦᠩᠬᠡᠢ ᠬᠡᠮᠵᠢᠶᠡᠨ ᠤ 30% ᠶᠢ ᠡᠵᠡᠯᠡᠭᠰᠡᠨ ᠪᠠᠶᠢᠨ᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011120701121733897