蒙古文网站Logo
ᠰᠢᠨᠬᠤᠸᠠ ᠮᠤᠩᠭ᠋ᠤᠯ ᠨᠧᠲ

ᠲᠤᠮᠳᠠᠳᠤ ᠮᠤᠩᠭᠤᠯ ᠤᠷᠤᠰ ᠤᠨ ᠤᠷᠠᠯᠢᠬ ᠤᠨ《ᠤᠳᠤᠳ》 ᠤᠷᠤᠯᠴᠠᠬᠰᠠᠨ ᠠᠩᠬᠠᠳᠤᠭᠠᠷ ᠬᠤᠭᠤᠴᠠᠭᠠᠨ ᠤ 《ᠲᠠᠯ᠎ᠡ ᠨᠤᠳᠤᠭ ᠤᠨ ᠪᠤᠯᠵᠤᠭ᠎ᠠ》 ᠤᠯᠠᠨ ᠤᠯᠤᠰ ᠤᠨ ᠨᠡᠬᠦᠳᠡᠯ ᠮᠠᠯᠵᠢᠯ ᠤᠨ ᠲᠠᠭᠤᠤ ᠬᠦᠭᠵᠢᠮ ᠤᠨ ᠨᠠᠶᠢᠷ ᠶᠠᠪᠣᠭᠳᠠᠪᠠ

2017-09-28 12:22

    9 ᠰᠠᠷ᠎ᠡ ᠶᠢᠨ 27 ᠤ ᠤᠷᠤᠢ᠂ ᠬᠤᠶᠠᠳᠤᠭᠠᠷ ᠬᠤᠭᠤᠴᠠᠭᠠᠨ ᠤ ᠲᠤᠮᠳᠠᠳᠤ ᠮᠤᠩᠭᠤᠯ ᠤᠨ ᠦᠵᠡᠰᠬᠦᠯᠡᠩ ᠵᠢᠴᠢ ᠲᠤᠮᠳᠠᠳᠤ ᠮᠤᠩᠭᠤᠯ ᠤᠨ ᠰᠤᠶᠤᠯ ᠤᠨ ᠰᠤᠯᠢᠯᠴᠠᠭᠠᠨ ᠤ ᠭᠠᠷᠠᠭ ᠤᠨ ᠠᠵᠢᠯᠯᠠᠭ᠎ᠠ ᠶᠢᠨ ᠴᠢᠬᠤᠯᠡ ᠨᠢᠬᠡ ᠠᠭᠤᠯᠭ᠎ᠠ ᠪᠤᠯᠤᠬᠰᠠᠨ ᠠᠩᠬᠠᠳᠤᠭᠠᠷ ᠬᠤᠭᠤᠴᠠᠭᠠᠨ ᠤ《ᠲᠠᠯ᠎ᠡ ᠨᠤᠳᠤᠭ ᠤᠨ ᠪᠤᠯᠵᠤᠭ᠎ᠠ》ᠤᠯᠠᠨ ᠤᠯᠤᠰ ᠤᠨ ᠨᠡᠬᠦᠳᠡᠯ ᠮᠠᠯᠵᠢᠯ ᠤᠨ ᠲᠠᠭᠤᠤ ᠬᠦᠭᠵᠢᠮ ᠤᠨ ᠨᠠᠶᠢᠷ ᠬᠦᠬᠡᠬᠤᠳᠡ ᠶᠢᠨ ᠲᠠᠮᠢᠷ ᠤᠨ ᠤᠷᠳᠤᠨ ᠳᠤ ᠨᠢᠵᠢᠭᠢᠷ ᠰᠠᠶᠢᠬᠠᠨ ᠶᠠᠪᠤᠬᠳᠠᠯ᠎ᠠ᠃

    ᠦᠩᠬᠡᠳᠤ ᠳ᠋ᠧᠩ ᠲᠠᠶᠢᠰᠠ ᠶᠢ ᠴᠢᠮᠡᠵᠤ᠂ ᠤᠷᠠᠯᠢᠭ ᠤᠨ《ᠤᠳᠤᠳ》ᠨᠠᠶᠢᠷ ᠢ ᠬᠦᠭᠵᠢᠬᠡᠵᠤ ᠪᠠᠶᠢᠯ᠎ᠡ᠃ ᠶᠢᠰᠦᠨ ᠡᠷᠳᠡᠨᠢ ᠬᠠᠮᠳᠤᠯᠢᠭ᠂ ᠬᠠᠶᠠᠭ᠎ᠠ ᠬᠠᠮᠳᠤᠯᠢᠭ᠂ ᠮᠤᠩᠭᠤᠯ ᠤᠯᠤᠰ ᠤᠨ ᠪᠠᠶᠠᠨ ᠮᠤᠩᠭᠤᠯ ᠴᠢᠭᠤᠯᠭ᠎ᠠ᠂ huun huur Tu ᠬᠠᠮᠳᠤᠯᠢᠭ ᠵᠡᠷᠬᠡ ᠦᠪᠦᠷ ᠮᠤᠩᠭᠤᠯ᠂ ᠮᠤᠩᠭᠤᠯ ᠤᠯᠤᠰ᠂ ᠤᠷᠤᠰ ᠤᠨ ᠬᠤᠯᠪᠤᠭᠠᠨ ᠤ ᠪᠦᠬᠦᠳᠡ ᠨᠠᠶᠢᠷᠠᠮᠳᠠᠬᠤ ᠲᠤᠸᠠ ᠤᠯᠤᠰ ᠵᠡᠷᠬᠡ ᠠᠴᠠ ᠬᠦᠷᠦᠯᠴᠡᠨ ᠢᠷᠡᠭᠰᠡᠨ ᠠᠯᠳᠠᠷᠳᠡᠢ ᠲᠠᠭᠤᠴᠢᠨ᠂ ᠬᠠᠮᠳᠤᠯᠢᠭ ᠤᠳ ᠬᠠᠮᠳᠤᠪᠡᠷ ᠨᠡᠬᠦᠳᠡᠯᠴᠢᠨ ᠦᠨᠳᠦᠰᠦᠳᠡᠨ ᠤ ᠲᠠᠭᠤᠤ ᠬᠦᠭᠵᠢᠮ ᠤᠨ ᠭᠠᠶᠢᠬᠠᠮᠰᠢᠭ ᠢ ᠨᠡᠶᠢᠳᠡ ᠤᠯᠠᠨ ᠦᠵᠡᠭᠴᠢᠳ ᠲᠡᠭᠡᠨ ᠬᠦᠷᠬᠡᠵᠤ᠂ ᠬᠦᠮᠦᠨ ᠠᠷᠠᠳ ᠤᠨ ᠰᠡᠳᠬᠢᠯ ᠳᠤ ᠬᠦᠷᠦᠭᠰᠡᠨ ᠤᠷᠠᠯᠢᠭ ᠤᠨ ᠨᠠᠶᠢᠷ ᠢ ᠡᠷᠬᠦᠨ ᠪᠠᠷᠢᠵᠡᠢ᠃

    《ᠪᠢᠳᠡ ᠨᠡᠷ ᠲᠤᠮᠳᠠᠳᠤ ᠤᠯᠤᠰ᠂ ᠮᠤᠩᠭᠤᠯ ᠤᠯᠤᠰ᠂ ᠤᠷᠤᠰ ᠤᠨ ᠬᠤᠯᠪᠤᠭᠠᠨ ᠤ ᠪᠦᠬᠦᠳᠡ ᠨᠠᠶᠢᠷᠠᠮᠳᠠᠬᠤ ᠲᠤᠸᠠ ᠤᠯᠤᠰ ᠵᠡᠷᠬᠡ ᠤᠯᠤᠰ ᠤᠷᠤᠨ ᠤ ᠤᠷᠠᠯᠢᠬᠴᠢᠳ ᠢ ᠤᠷᠢᠨ ᠤᠷᠤᠯᠴᠠᠭᠤᠯᠤᠬᠰᠠᠨ ᠡᠨᠡᠬᠦ ᠲᠠᠭᠤᠤ ᠬᠦᠭᠵᠢᠮ ᠤᠨ ᠨᠡᠶᠢᠷ ᠢᠶᠠᠷ ᠲᠠᠮᠵᠢᠭᠤᠯᠤᠨ᠂ ᠮᠠᠨ ᠤ ᠨᠡᠬᠦᠳᠡᠯᠴᠢᠨ ᠦᠨᠳᠦᠰᠦᠳᠡᠨ ᠤ ᠲᠠᠭᠤᠤ ᠬᠦᠭᠵᠢᠮ ᠢ ᠲᠡᠯᠡᠬᠡᠢ  ᠳᠠᠬᠢᠨ  ᠳᠤ ᠬᠦᠷᠬᠡᠬᠦ ᠶᠢ ᠵᠤᠷᠢᠬᠰᠠᠨ ᠶᠤᠮ᠂ ᠨᠡᠩ ᠤᠯᠠᠨ ᠬᠦᠮᠦᠰ ᠤᠨ ᠰᠡᠳᠬᠢᠯ ᠳᠤ ᠬᠦᠷᠬᠡᠬᠦ ᠪᠠᠷ ᠴᠢᠷᠮᠠᠶᠢᠨ ᠠᠵᠢᠯᠯᠠᠬᠰᠠᠨ》ᠬᠡᠵᠤ ᠠᠩᠬᠠᠳᠤᠭᠠᠷ ᠬᠤᠭᠤᠴᠠᠭᠠᠨ ᠤ《ᠲᠠᠯ᠎ᠡ ᠨᠤᠳᠤᠭ ᠤᠨ ᠪᠤᠯᠵᠤᠭ᠎ᠠ》ᠤᠯᠠᠨ ᠤᠯᠤᠰ ᠤᠨ ᠨᠡᠬᠦᠳᠡᠯ ᠮᠠᠯᠵᠢᠯ ᠤᠨ ᠲᠠᠭᠤᠤ ᠬᠦᠭᠵᠢᠮ ᠤᠨ ᠨᠠᠶᠢᠷ ᠤᠨ ᠵᠤᠬᠢᠶᠠᠨ ᠪᠠᠶᠢᠭᠤᠯᠬᠤ ᠺᠤᠮᠢᠰ ᠤᠨ ᠬᠠᠷᠢᠭᠤᠴᠠᠯᠭᠠᠳᠠᠨ ᠲᠤᠶᠠᠭ᠎ᠠ ᠰᠤᠷᠪᠤᠯᠵᠢᠯᠠᠭ᠎ᠠ ᠬᠦᠯᠢᠶᠡᠬᠦ ᠳᠡᠭᠡᠨ ᠶᠠᠷᠢᠵᠤ ᠪᠠᠶᠢᠯ᠎ᠠ᠃(ᠰᠠᠷᠠᠭᠤᠯᠬᠠᠨ)

ᠢᠷᠡᠯᠳᠡ᠄ ᠦᠪᠦᠷ ᠮᠤᠩᠭᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011120701121738794