蒙古文网站Logo
ᠰᠢᠨᠬᠤᠸᠠ ᠮᠤᠩᠭ᠋ᠤᠯ ᠨᠧᠲ

ᠮᠠᠨ ᠤ ᠤᠯᠤᠰ ᠦᠨᠳᠦᠷ ᠤᠨᠠᠯᠳᠠ ᠲᠠᠢ ᠳᠠᠯᠠᠢ ᠶᠢᠨ ᠤᠰᠤᠨ ᠳᠤᠳᠤᠷᠭ᠎ᠠ ᠶᠢ ᠠᠮᠵᠢᠯᠳᠠ ᠲᠠᠢ ᠳᠤᠷᠰᠢᠨ ᠳᠠᠷᠢᠪᠠ

2017-09-29 10:48

    ᠰᠢᠨᠬᠤᠧᠠ ᠬᠤᠷᠢᠶ᠎ᠠ   ᠴᠢᠩᠳᠤᠤ ᠶᠢᠨ 9 ᠰᠠᠷ᠎ᠠ ᠶᠢᠨ 28 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠶᠤᠧᠠᠨ ᠵᠢᠶᠦ᠋ᠨ ᠪᠤᠤ᠂ ᠫᠠᠨ ᠯᠢᠨ ᠴᠢᠩ) 28 ᠤ ᠦᠳᠡ ᠶᠢᠨ ᠬᠤᠶᠢᠨ᠎ᠠ᠂ ᠴᠢᠩᠳᠤᠤ ᠶᠢᠨ ᠳᠠᠯᠠᠢ ᠶᠢᠨ ᠤᠰᠤᠨ ᠳᠤᠳᠤᠷᠭ᠎ᠠ ᠰᠤᠳᠤᠯᠤᠨ ᠬᠦᠭᠵᠢᠬᠦᠯᠬᠦ ᠳᠦᠪ ᠤᠨ ᠳᠤᠷᠰᠢᠯᠳᠠ ᠶᠢᠨ ᠰᠠᠭᠤᠷᠢᠨ ᠨᠢ ᠠᠩᠬ᠎ᠠ ᠤᠳᠠᠭ᠎ᠠ ᠳᠤᠷᠰᠢᠨ ᠳᠠᠷᠢᠭᠰᠠᠨ ᠱᠤᠷᠪᠤᠭ ᠤᠰᠤᠨ ᠳᠤᠳᠤᠷᠭ᠎ᠠ ᠪᠡᠨ ᠬᠤᠷᠢᠶᠠᠵᠤ᠂ ᠬᠠᠮᠤᠭ ᠤᠨ ᠶᠡᠬᠡ ᠤᠨᠠᠯᠳᠠ ᠨᠢ ᠮᠦ ᠪᠦᠷᠢ ᠳ᠋ᠡᠬᠡᠨ 620.95 ᠺᠢᠯᠤᠭ᠍ᠷᠠᠮ ᠬᠦᠷᠦᠭᠰᠡᠨ ᠪᠠᠶᠢᠨ᠎ᠠ᠃ ᠳᠤᠰᠬᠠᠢ ᠮᠡᠷᠬᠡᠵᠢᠯᠳᠡᠳ ᠤᠨ ᠦᠵᠡᠬᠦ ᠪᠡᠷ᠂ ᠡᠨᠡ ᠨᠢ ᠮᠠᠨ ᠤ ᠤᠯᠤᠰ ᠤᠨ ᠳᠠᠯᠠᠢ ᠶᠢᠨ ᠤᠰᠤᠨ ᠳᠤᠳᠤᠷᠭ᠎ᠠ ᠶᠢᠨ ᠰᠤᠳᠤᠯᠭ᠎ᠠ ᠳᠤᠮᠤ ᠴᠢᠬᠤᠯᠠ ᠰᠢᠪᠳᠤᠯᠤᠯᠳᠠ ᠲᠠᠢ ᠪᠤᠯᠤᠭᠰᠠᠨ ᠢ ᠬᠡᠷᠡᠴᠢᠯᠡᠵᠡᠢ᠃

    ᠱᠤᠷᠪᠤᠭ ᠤᠰᠤᠨ ᠳᠤ ᠳᠠᠭᠠᠭᠠᠴᠠᠳᠠᠢ ᠳᠤᠳᠤᠷᠭ᠎ᠠ ᠬᠡᠳᠡᠭ ᠨᠢ ᠳᠠᠷᠤᠢ ᠳᠠᠯᠠᠢ ᠶᠢᠨ ᠤᠰᠤᠨ ᠳᠤᠳᠤᠷᠭ᠎ᠠ ᠶᠢ ᠵᠢᠭᠠᠵᠤ ᠪᠤᠢ᠂ ᠮᠦᠨ ᠳᠠᠯᠠᠢ ᠶᠢᠨ ᠳᠦᠯᠬᠢᠬᠡᠨ ᠤ ᠭᠠᠵᠠᠷ ᠪᠤᠶᠤ ᠬᠤᠵᠢᠷᠯᠢᠭ ᠭᠠᠵᠠᠷ ᠤᠷᠭᠤᠳᠠᠭ ᠳᠤᠳᠤᠷᠭ᠎ᠠ ᠶᠢ ᠬᠡᠯᠡᠨ᠎ᠡ᠃ ᠳᠤᠷᠰᠢᠯᠳᠠ ᠶᠢᠨ ᠰᠠᠭᠤᠷᠢᠨ ᠡᠨᠡ ᠵᠢᠯ 312 ᠬᠤᠪᠢ ᠳᠠᠯᠠᠢ ᠶᠢᠨ ᠤᠰᠤᠨ ᠳᠤᠳᠤᠷᠭ᠎ᠠ ᠶᠢᠨ ᠮᠠᠲ᠋ᠧᠷᠢᠶᠠᠯ (ᠳᠤᠳᠤᠷᠭᠠᠨ ᠤ ᠰᠤᠷᠲ ᠢ ᠬᠢᠨᠠᠨ ᠳᠤᠭᠳᠠᠭᠠᠬᠤ ᠡᠴᠡ ᠡᠮᠦᠨ᠎ᠡ ᠮᠠᠲ᠋ᠧᠷᠢᠶᠠᠯ ᠬᠡᠵᠤ ᠬᠡᠯᠡᠨ᠎ᠡ) ᠢ ᠳᠤᠷᠰᠢᠨ ᠳᠠᠷᠢᠵᠤ ᠬᠤᠷᠢᠶᠠᠭᠠᠳ ᠴᠤᠤᠬᠠᠯ ᠢ ᠨᠢ ᠠᠷᠢᠯᠭᠠᠨ ᠵᠢᠩᠯᠡᠭᠰᠡᠨ ᠤ ᠳᠠᠷᠠᠭ᠎ᠠ 4 ᠮᠠᠲ᠋ᠧᠷᠢᠶᠠᠯ ᠤᠨ ᠬᠢᠨᠢ ᠮᠦ ᠪᠦᠷᠢ ᠶᠢᠨ ᠤᠨᠠᠯᠳᠠ 400 ᠺᠢᠯᠤᠭ᠍ᠷᠠᠮ ᠢ ᠳᠠᠪᠠᠭᠰᠠᠨ ᠪᠠᠶᠢᠨ᠎ᠠ᠃

    ᠤᠶᠢᠯᠠᠭᠠᠭᠰᠠᠨ ᠢᠶᠡᠷ᠂ ᠡᠨᠡ ᠨᠢ ᠪᠠᠭ᠎ᠠ ᠬᠡᠪᠴᠢᠶ᠎ᠡ ᠪᠡᠷ ᠳᠤᠷᠰᠢᠨ ᠳᠠᠷᠢᠭᠰᠠᠨ ᠳᠡᠳᠦᠢ ᠦᠬᠡᠢ ᠱᠤᠷᠪᠤᠭ ᠤᠨ ᠬᠡᠮᠵᠢᠶ᠎ᠡ ᠨᠢ 0.3% ᠶ᠋ᠢᠨ ᠤᠰᠤᠨ ᠳᠤ ᠳᠤᠷᠰᠢᠭᠰᠠᠨ ᠪᠤᠯᠬᠤᠷ ᠡᠩ ᠤᠨ ᠳᠠᠷᠢᠶᠠᠨ ᠤ ᠤᠨᠠᠯᠳᠠ ᠲᠠᠢ ᠵᠦᠷᠢᠶ᠎ᠠ ᠲᠠᠢ ᠪᠠᠶᠢᠵᠤ ᠮᠡᠳᠡᠨ᠎ᠡ᠂ ᠪᠠᠰᠠ 0.6% ᠶᠢᠨ ᠱᠤᠷᠪᠤᠭ ᠤᠰᠤᠨ ᠳᠤ ᠦᠷᠬᠦᠯᠵᠢᠯᠡᠨ ᠳᠤᠷᠰᠢᠬᠤ ᠪᠡᠷ ᠪᠠᠷᠠᠬᠤ ᠦᠬᠡᠢ 3.3%-3.5% ᠶ᠋ᠢᠨ ᠱᠤᠷᠪᠤᠭ ᠲᠠᠢ ᠵᠢᠩᠬᠢᠨᠢ ᠳᠠᠯᠠᠢ ᠶᠢᠨ ᠤᠰᠤᠨ ᠳᠤ ᠪᠠᠰᠠ ᠳᠤᠷᠰᠢᠨ ᠰᠤᠳᠤᠯᠬᠤ ᠴᠢᠬᠤᠯᠠ ᠲᠠᠢ᠃ ᠡᠶᠢᠮᠤ ᠡᠴᠡ ᠰᠤᠷᠲ ᠠᠳᠠᠯᠢᠳᠬᠠᠬᠤ ᠡᠴᠡ ᠡᠬᠢᠯᠡᠬᠡᠳ ᠪᠦᠰᠡᠴᠢᠯᠡᠭᠰᠡᠨ ᠳᠤᠷᠰᠢᠯᠳᠠ ᠬᠢᠬᠦ᠂ ᠳᠡᠷᠡᠴᠢᠯᠡᠨ ᠶᠡᠬᠡ ᠬᠡᠪᠴᠢᠶ᠎ᠡ ᠪᠡᠷ ᠳᠠᠷᠢᠵᠤ ᠦᠷᠬᠡᠨ ᠢᠶᠡᠷ ᠳᠡᠯᠬᠡᠷᠡᠬᠦᠯᠬᠦ ᠪᠤᠯᠳᠠᠯ᠎ᠠ ᠠᠳᠠᠭ ᠲᠠᠭᠠᠨ 3 ᠵᠢᠯ ᠤᠨ ᠬᠤᠭᠤᠴᠠᠭ᠎ᠠ ᠬᠡᠷᠡᠭᠰᠡᠬᠦ ᠶᠤᠮ ᠪᠠᠶᠢᠨ᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011120701121744447