蒙古文网站Logo
ᠰᠢᠨᠬᠤᠸᠠ ᠮᠤᠩᠭ᠋ᠤᠯ ᠨᠧᠲ

ᠲᠤᠮᠳᠠᠳᠣ ᠣᠯᠣᠰ ᠤᠨ ᠠᠷᠠᠳ ᠤᠨ ᠵᠡᠪᠰᠡᠭᠳᠤ ᠴᠠᠭᠳᠠᠭᠠᠨ ᠤ ᠴᠡᠷᠢᠭ ᠠᠩᠭᠢ ᠶ᠋ᠢᠨ ᠰᠢᠨᠵᠢᠶᠠᠩ ᠤᠨ ᠬᠢᠯᠢ ᠶ᠋ᠢᠨ ᠬᠠᠮᠠᠭᠠᠯᠠᠯᠳᠠ ᠶ᠋ᠢᠨ ᠠᠩᠭᠢ ᠶ᠋ᠢᠨ ᠲᠠᠷᠤᠭ᠎ᠠ ᠪᠠᠶᠢᠯᠳᠤᠭᠴᠢᠳ ᠦᠷᠡᠭᠳᠡᠭᠰᠡᠨ ᠪᠠᠭᠠᠳᠤᠷᠴᠤᠳ ᠢ ᠲᠤᠷᠠᠰᠬᠠᠬᠤ ᠠᠵᠢᠯᠯᠠᠭ᠎ᠠ ᠦᠷᠨᠢᠭᠦᠯᠪᠡ

2017-09-30 11:48

    2014 ᠣᠨ ᠤ 8 ᠳ᠋ᠤᠭᠠᠷ ᠰᠠᠷ᠎ᠠ ᠶ᠋ᠢᠨ 31 ᠤ᠋ ᠡᠳᠦᠷ᠂ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠣᠯᠣᠰ ᠤᠨ ᠠᠷᠠᠳ ᠤᠨ ᠲᠦᠯᠦᠬᠡᠯᠡᠭᠴᠢᠳ ᠦᠨ ᠶᠡᠬᠡ ᠬᠤᠷᠠᠯ ᠤᠨ ᠪᠠᠶᠢᠩᠭᠤ ᠶ᠋ᠢᠨ ᠬᠤᠷᠢᠶᠠᠨ ᠤ ᠠᠷᠪᠠᠳᠤᠭᠠᠷ ᠤᠳᠠᠭᠠᠨ ᠤ ᠬᠤᠷᠠᠯᠳᠤᠭᠠᠨ ᠢᠶᠠᠷ ᠵᠢᠯ ᠪᠦᠷᠢ ᠶ᠋ᠢᠨ 9 ᠳ᠋ᠤᠭᠡᠷ ᠰᠠᠷ᠎ᠠ ᠶ᠋ᠢᠨ 30 ᠤ᠋ ᠡᠳᠦᠷ ᠢ ᠦᠷᠡᠭᠳᠡᠭᠰᠡᠨ ᠪᠠᠭᠠᠳᠤᠷᠴᠤᠳ ᠢ ᠲᠤᠷᠠᠰᠬᠠᠬᠤ ᠡᠳᠦᠷ ᠢᠶᠡᠷ ᠲᠤᠭᠳᠠᠭᠠᠭᠰᠠᠨ ᠶᠤᠮ᠃

    ᠦᠷᠡᠭᠳᠡᠭᠰᠡᠨ ᠪᠠᠭᠠᠳᠤᠷᠴᠤᠳ ᠢ ᠲᠤᠷᠠᠰᠬᠠᠬᠤ ᠡᠳᠦᠷ ᠦᠨ ᠲᠦᠷᠪᠡᠳᠡᠭᠴᠢ ᠵᠢᠯ ᠦᠨ ᠤᠢ ᠶ᠋ᠢ ᠤᠭᠳᠤᠬᠤ ᠵᠤᠷᠢᠯᠭ᠎ᠠ ᠪᠠᠷ ᠲᠤᠮᠳᠠᠳᠣ ᠣᠯᠣᠰ ᠤᠨ ᠠᠷᠠᠳ ᠤᠨ ᠵᠡᠪᠰᠡᠭᠳᠤ ᠴᠠᠭᠳᠠᠭᠠᠨ ᠤ ᠴᠡᠷᠢᠭ ᠠᠩᠭᠢ ᠶ᠋ᠢᠨ ᠰᠢᠨᠵᠢᠶᠠᠩ ᠤᠨ ᠬᠢᠯᠢ ᠶ᠋ᠢᠨ ᠬᠠᠮᠠᠭᠠᠯᠠᠯᠳᠠ ᠶ᠋ᠢᠨ ᠶᠡᠷᠦᠩᠭᠡᠢ ᠠᠩᠭᠢ ᠶ᠋ᠢᠨ ᠰᠤᠷᠭᠠᠯᠳᠠ ᠶ᠋ᠢᠨ ᠰᠠᠭᠤᠷᠢᠨ ᠭᠠᠵᠠᠷ ᠨᠢ ᠴᠠᠭᠳᠠᠭᠠᠨ ᠤ ᠶᠡᠬᠡ ᠰᠤᠷᠭᠠᠭᠤᠯᠢ ᠳ᠋ᠥ ᠰᠢᠨ᠎ᠡ ᠪᠠᠷ ᠡᠯᠰᠡᠭᠳᠡᠭᠰᠡᠨ ᠤᠶᠤᠳᠠᠳ ᠪᠤᠯᠤᠨ ᠰᠢᠨ᠎ᠡ ᠴᠡᠷᠢᠭ ᠦᠳ ᠢ ᠵᠤᠬᠢᠶᠠᠨ ᠪᠠᠶᠢᠭᠤᠯᠵᠤ᠂ ᠦᠷᠡᠭᠳᠡᠭᠰᠡᠨ ᠪᠠᠭᠠᠳᠤᠷᠴᠤᠳ ᠤᠨ ᠬᠦᠰᠢᠶᠡᠨ ᠳ᠋ᠥ ᠬᠦᠷᠴᠤ᠂ ᠡᠬᠡ ᠤᠷᠤᠨ ᠤ ᠪᠠᠨ ᠲᠦᠯᠦᠬᠡ ᠠᠯᠳᠠᠨ ᠠᠮᠢ ᠪᠠᠨ ᠵᠤᠷᠢᠭᠤᠯᠵᠤ᠂ ᠠᠷᠢᠭᠤᠨ ᠴᠢᠰᠤ ᠪᠠᠨ ᠤᠷᠤᠰᠬᠠᠭᠰᠠᠨ ᠪᠠᠭᠠᠳᠤᠷᠯᠢᠭ ᠵᠤᠷᠢᠭ ᠰᠠᠨᠠᠭ᠎ᠠ ᠶ᠋ᠢ ᠲᠤᠷᠠᠰᠬᠠᠬᠤ ᠠᠵᠢᠯᠯᠠᠭ᠎ᠠ ᠦᠷᠨᠢᠭᠦᠯᠵᠠᠢ᠃

    9 ᠰᠠᠷ᠎ᠠ ᠶ᠋ᠢᠨ 28 ᠤ᠋ ᠡᠳᠦᠷ ᠦᠨ ᠦᠳᠡ ᠡᠴᠡ ᠬᠤᠶᠢᠨ᠎ᠠ᠂ ᠤᠯᠤᠰ ᠤᠨ ᠰᠦᠯᠳᠡ ᠲᠠᠭᠤᠨ ᠤ ᠠᠶᠠᠰ ᠢᠶᠡᠷ ᠪᠦᠬᠦ ᠲᠠᠷᠤᠭ᠎ᠠ ᠪᠠᠶᠢᠯᠳᠤᠭᠴᠢᠳ ᠬᠤᠪᠢᠰᠬᠠᠯᠳᠤ ᠦᠷᠡᠭᠳᠡᠭᠰᠡᠨ ᠪᠠᠭᠠᠳᠤᠷᠴᠤᠳ ᠤᠨ ᠬᠦᠰᠢᠶᠡᠨ ᠳ᠋ᠥ ᠴᠠᠭᠠᠷᠢᠭᠳᠤ ᠴᠡᠴᠡᠭ ᠡᠷᠭᠦᠵᠤ᠂ ᠲᠡᠳᠡᠨ ᠦ ᠬᠤᠪᠢᠰᠬᠠᠯ ᠤᠨ ᠲᠦᠯᠦᠬᠡ ᠵᠤᠷᠢᠭᠤᠯᠤᠭᠰᠠᠨ ᠶᠠᠨᠳᠠᠰᠢ ᠦᠭᠡᠢ ᠬᠤᠪᠢ ᠨᠡᠮᠡᠷᠢ᠂ ᠠᠭᠤᠤ ᠶᠡᠬᠡ ᠵᠤᠷᠢᠭ ᠰᠠᠨᠠᠭ᠎ᠠ ᠶ᠋ᠢ ᠲᠤᠷᠠᠰᠤᠨ ᠰᠠᠨᠠᠭᠠᠯᠵᠠᠯ᠎ᠠ᠃

    ᠵᠡᠪᠰᠡᠭᠳᠤ ᠴᠠᠭᠳᠠᠭᠠᠨ ᠤ ᠬᠢᠯᠢ ᠶ᠋ᠢᠨ ᠬᠠᠮᠠᠭᠠᠯᠠᠯᠳᠠ ᠶ᠋ᠢᠨ ᠠᠩᠭᠢ ᠶ᠋ᠢᠨ 2017 ᠣᠨ ᠤ ᠴᠠᠭᠳᠠᠭᠠᠨ ᠤ ᠶᠡᠬᠡ ᠰᠤᠷᠭᠠᠭᠤᠯᠢ ᠶ᠋ᠢᠨ ᠲᠦᠪᠯᠡᠷᠡᠭᠦᠯᠦᠭᠰᠡᠨ ᠰᠤᠷᠭᠠᠯᠳᠠ ᠶ᠋ᠢᠨ ᠰᠢᠨᠵᠢᠶᠠᠩ ᠳ᠋ᠡᠬᠢ ᠰᠤᠷᠭᠠᠯᠳᠠ ᠶ᠋ᠢᠨ ᠴᠡᠭ ᠦᠨ ᠰᠤᠷᠭᠠᠭᠴᠢ ᠯᠢ᠄ 《ᠪᠢᠳᠡ ᠡᠬᠡ ᠤᠷᠤᠨ ᠠᠷᠠᠳ ᠲᠦᠮᠡᠨ ᠦ ᠪᠡᠨ ᠲᠦᠯᠦᠬᠡ ᠠᠯᠢᠪᠠ ᠪᠠᠨ ᠵᠤᠷᠢᠭᠤᠯᠤᠭᠰᠠᠨ ᠲᠠᠶᠢᠴᠢᠨ ᠵᠤᠷᠢᠭ ᠰᠠᠨᠠᠭ᠎ᠠ ᠶ᠋ᠢ ᠤᠯᠠᠮᠵᠢᠯᠠᠨ ᠪᠠᠳᠠᠷᠠᠭᠤᠯᠵᠤ᠂ ᠬᠢᠯᠢ ᠶ᠋ᠢᠨ ᠬᠠᠮᠠᠭᠠᠯᠠᠯᠳᠠ ᠶ᠋ᠢᠨ ᠠᠷᠢᠭᠤᠨ ᠦᠢᠯᠡᠰ ᠦᠨ ᠲᠦᠯᠦᠬᠡ ᠤᠷᠤᠭᠰᠢᠯᠠᠨ ᠲᠡᠮᠡᠴᠡᠨ᠎ᠡ 》ᠭᠡᠪᠡ ᠃

    ᠲᠤᠮᠳᠠᠳᠣ ᠣᠯᠣᠰ ᠤᠨ ᠠᠷᠠᠳ ᠤᠨ ᠵᠡᠪᠰᠡᠭᠳᠤ ᠴᠠᠭᠳᠠᠭᠠᠨ ᠤ ᠴᠡᠷᠢᠭ ᠠᠩᠭᠢ ᠶ᠋ᠢᠨ ᠰᠢᠨᠵᠢᠶᠠᠩ ᠤᠨ ᠬᠢᠯᠢ ᠶ᠋ᠢᠨ ᠬᠠᠮᠠᠭᠠᠯᠠᠯᠳᠠ ᠶ᠋ᠢᠨ ᠠᠩᠭᠢ ᠶ᠋ᠢᠨ ᠰᠤᠷᠭᠠᠯᠳᠠ ᠶ᠋ᠢᠨ ᠰᠠᠭᠤᠷᠢᠨ ᠭᠠᠵᠠᠷ ᠤᠨ 2017 ᠣᠨ ᠳ᠋ᠥ ᠴᠡᠷᠢᠭ ᠲᠤ ᠡᠯᠰᠡᠭᠳᠡᠭᠰᠡᠨ ᠰᠢᠨ᠎ᠡ ᠴᠡᠷᠢᠭ᠄ 《ᠦᠨᠦᠳᠦᠷ ᠪᠤᠯ ᠦᠷᠡᠭᠳᠡᠭᠰᠡᠨ ᠪᠠᠭᠠᠳᠤᠷᠴᠤᠳ ᠤᠨ ᠲᠤᠷᠠᠰᠬᠠᠯ ᠤᠨ ᠡᠳᠦᠷ ᠪᠣᠯᠣᠨ᠎ᠠ᠂ ᠪᠢᠳᠡ ᠡᠨᠡᠬᠦ ᠲᠤᠷᠠᠰᠬᠠᠯ ᠤᠨ ᠡᠳᠦᠷ ᠢ ᠲᠡᠮᠳᠡᠭᠯᠡᠬᠦ ᠪᠠᠷ ᠤᠯᠠᠨ ᠠᠵᠢᠯᠯᠠᠭ᠎ᠠ ᠦᠷᠨᠢᠭᠦᠯᠦᠯ᠎ᠡ᠃ ᠰᠢᠨ᠎ᠡ ᠴᠡᠷᠢᠭ ᠪᠤᠯᠤᠭᠰᠠᠨ ᠤ ᠬᠤᠪᠢ ᠳ᠋ᠥ ᠮᠢᠨᠤ ᠰᠡᠳᠬᠢᠯ ᠮᠠᠰᠢ ᠬᠦᠨᠳᠦ ᠪᠠᠶᠢᠨ᠎ᠠ᠂ ᠦᠨᠦᠳᠦᠷ ᠪᠢᠳᠡ ᠡᠨᠳᠡ ᠢᠷᠡᠭᠰᠡᠨ ᠨᠢ ᠵᠦᠪᠭᠡᠨ ᠦᠷᠡᠭᠳᠡᠭᠰᠡᠨ ᠪᠠᠭᠠᠳᠤᠷᠴᠤᠳ ᠤᠨ ᠬᠦᠰᠢᠶ᠎ᠡ ᠶ᠋ᠢ ᠴᠡᠪᠡᠷᠯᠡᠵᠤ᠂ ᠴᠠᠭᠠᠷᠢᠭᠳᠤ ᠴᠡᠷᠢᠭ ᠬᠦᠷᠬᠡᠬᠦ ᠶ᠋ᠢᠨ ᠲᠦᠯᠦᠬᠡ ᠪᠢᠰᠢ᠂ ᠬᠠᠷᠢᠨ ᠲᠡᠳᠡᠨ ᠦ ᠦᠪᠡᠷ ᠢ ᠪᠡᠨ ᠦᠷᠡᠭᠳᠡᠬᠦᠯᠬᠦ᠂ ᠦᠬᠦᠬᠦ ᠡᠴᠡ ᠰᠦᠷᠳᠡᠬᠦ ᠦᠭᠡᠢ ᠵᠤᠷᠢᠭ ᠰᠠᠨᠠᠭ᠎ᠠ ᠂ ᠦᠭᠡᠳᠡᠯᠡᠨ ᠲᠡᠮᠡᠴᠡᠬᠦ ᠴᠤᠭ ᠵᠤᠯᠪᠣᠭ᠎ᠠ ᠶ᠋ᠢ ᠰᠤᠷᠤᠯᠴᠠᠵᠤ ᠤᠯᠠᠮᠵᠢᠯᠠᠨ᠂ ᠬᠢᠯᠢ ᠶ᠋ᠢᠨ ᠬᠠᠮᠠᠭᠠᠯᠠᠯᠳᠠ ᠶ᠋ᠢᠨ ᠦᠢᠯᠡᠰ ᠲᠤ ᠦᠪᠡᠷ ᠦᠨ ᠢᠶᠡᠨ ᠬᠦᠴᠦᠨ ᠵᠢᠳᠬᠦᠯ ᠢᠶ᠋ᠡᠨ ᠡᠷᠭᠦᠭᠦ ᠶ᠋ᠢᠨ ᠲᠦᠯᠦᠬᠡ ᠶᠤᠮ 》 ᠭᠡᠪᠡ ᠃

ᠢᠷᠡᠯᠳᠡ᠄ ᠲᠦᠪ ᠲᠧᠯᠧᠶ᠋ᠰ ᠤᠨ ᠮᠤᠩᠭ᠋ᠤᠯ ᠰᠦᠯᠵᠢᠶ᠎ᠡ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121751749