蒙古文网站Logo
ᠰᠢᠨᠬᠤᠸᠠ ᠮᠤᠩᠭ᠋ᠤᠯ ᠨᠧᠲ

ᠬᠦᠬᠡ ᠮᠦᠷᠡᠨ ᠤ ᠰᠠᠯᠪᠤᠷᠢ ᠤᠷᠤᠰᠬᠠᠯ ᠪᠤᠯᠬᠤ ᠴᠢᠩᠵᠢᠶᠠᠩ ᠮᠦᠷᠡᠨ ᠦᠶᠠᠷ ᠲᠤ ᠲᠠᠭᠠᠷᠢᠭᠲᠠᠪᠠ

2017-10-05 13:27

    ᠰᠢᠨᠬᠤᠧᠠ ᠬᠤᠷᠢᠶ᠎ᠠ   ᠦᠬᠠᠨ ᠤ 10 ᠰᠠᠷ᠎ᠠ ᠶᠢᠨ 4 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠲᠠᠨ ᠶᠤᠧᠠᠨ ᠪᠢᠨ ) ᠰᠤᠷᠪᠤᠯᠵᠢᠯᠠᠭᠴᠢ 4 ᠤ ᠡᠲᠦᠷ ᠬᠤᠪᠧᠢ ᠮᠤᠵᠢ ᠶᠢᠨ ᠡᠧᠨᠱᠢ ᠲᠦᠵᠢᠶᠠ ᠦᠨᠳᠦᠰᠦᠲᠡᠨ ᠮᠢᠶᠤᠤ ᠦᠨᠳᠦᠰᠦᠲᠡᠨ ᠤ ᠦᠪᠡᠷᠲᠡᠭᠡᠨ ᠵᠠᠰᠠᠬᠤ ᠵᠧᠦ ᠶᠢᠨ ᠦᠶᠠᠷ ᠢ ᠰᠡᠷᠭᠡᠶᠢᠯᠡᠵᠦ ᠭᠠᠩ ᠲᠠᠢ ᠲᠡᠮᠡᠴᠡᠬᠦ ᠶᠢ ᠵᠢᠯᠤᠭᠤᠳᠬᠤ ᠠᠯᠪᠠᠨ ᠪᠠ ᠬᠤᠪᠧᠢ ᠮᠤᠵᠢ ᠶᠢᠨ ᠴᠢᠩᠵᠢᠶᠠᠩ ᠮᠦᠷᠡᠨ ᠤ ᠤᠰᠤᠨ ᠬᠦᠴᠣ ᠪᠡᠷ ᠴᠠᠬᠢᠯᠭᠠᠨ ᠭᠠᠷᠭᠠᠬᠤ ᠬᠤᠪᠢᠴᠠᠭᠠᠲᠤ ᠬᠢᠵᠠᠭᠠᠷᠲᠤ ᠺᠤᠮᠫᠠᠨᠢ ᠡᠴᠡ ᠤᠶᠢᠯᠠᠭᠠᠭᠰᠠᠨ ᠶᠢᠡᠷ᠂ 1 ᠤ ᠡᠲᠦᠷ ᠡᠴᠡ 3 ᠤ ᠡᠲᠦᠷ ᠪᠤᠯᠲᠠᠯ᠎ᠠ ᠬᠦᠬᠡ ᠮᠦᠷᠡᠨ ᠤ ᠰᠠᠯᠪᠤᠷᠢ ᠤᠷᠤᠰᠬᠠᠯ ᠪᠤᠯᠬᠤ ᠴᠢᠩᠵᠢᠶᠠᠩ ᠮᠦᠷᠡᠨ ᠲᠡᠦᠬᠡ ᠶᠢᠨ ᠠᠳᠠᠯᠢ ᠬᠤᠭᠤᠴᠠᠭᠠᠨ ᠳ᠋ᠤ 50 ᠵᠢᠯ ᠲᠤᠬᠢᠶᠠᠯᠲᠤᠭᠠᠲᠤᠢ ᠦᠶᠠᠷ ᠲᠤ ᠲᠠᠭᠠᠷᠢᠭᠲᠠᠭᠰᠠᠨ ᠭᠡᠵᠡᠢ᠃ ᠤᠲᠤᠬᠠᠨ ᠪᠤᠯᠲᠠᠯ᠎ᠠ ᠴᠢᠩᠵᠢᠶᠠᠩ ᠮᠦᠷᠡᠨ ᠤ ᠤᠷᠤᠰᠬᠠᠯ ᠤᠨ ᠤᠷᠤᠨ ᠤ ᠪᠠᠵᠧᠦ᠂ ᠭ᠍ᠸ ᠡᠾᠧ ᠶᠠᠨ᠂ ᠱᠦᠶ ᠪᠦ᠋ ᠶᠠ ᠭᠤᠷᠪᠠᠨ ᠤᠰᠤᠨ ᠬᠦᠮᠦᠷᠭᠡ 40 ᠴᠠᠭ ᠭᠠᠷᠤᠢ ᠦᠶᠡᠷ ᠭᠠᠲᠠᠭᠰᠢᠯᠠᠭᠤᠯᠵᠤ ᠪᠠᠶᠢᠨ᠎ᠠ ᠭᠡᠵᠡᠢ᠃

    ᠲᠠᠨᠢᠯᠴᠠᠭᠤᠯᠤᠭᠰᠠᠨ ᠶᠢᠡᠷ᠂ ᠡᠨᠡ ᠤᠨ ᠤ 9 ᠰᠠᠷ᠎ᠠ ᠶᠢᠨ ᠰᠡᠬᠦᠯᠴᠢ ᠶᠢᠨ ᠠᠷᠪᠠ ᠬᠤᠨᠤᠭ ᠲᠤ ᠡᠬᠢᠯᠡᠨ ᠴᠢᠩᠵᠢᠶᠠᠩ ᠮᠦᠷᠡᠨ ᠤ ᠤᠷᠤᠰᠬᠠᠯ ᠤᠷᠤᠨ ᠶᠢᠡᠷ ᠦᠷᠬᠦᠯᠵᠢᠯᠡᠭᠰᠡᠨ ᠪᠤᠷᠤᠭᠠᠨ ᠤᠷᠤᠵᠤ᠂ 10 ᠰᠠᠷ᠎ᠠ ᠶᠢᠨ 2 ᠤᠨ ᠡᠲᠦᠷ ᠤᠨ 8᠄ 00 ᠴᠠᠭ ᠪᠤᠯᠲᠠᠯ᠎ᠠ ᠲᠤᠨᠲᠠᠰᠤᠨ ᠤ ᠬᠡᠮᠵᠢᠶ᠎ᠠ 180 ᠮᠢᠯᠯᠢᠮᠧᠲ᠋ᠷ ᠪᠤᠯᠪᠠ᠃

    ᠬᠤᠪᠧᠢ ᠮᠤᠵᠢ ᠶᠢᠨ ᠴᠢᠩᠵᠢᠶᠠᠩ ᠮᠦᠷᠡᠨ ᠤ ᠤᠰᠤᠨ ᠬᠦᠴᠣ ᠪᠡᠷ ᠴᠠᠬᠢᠯᠭᠠᠨ ᠭᠠᠷᠭᠠᠬᠤ ᠬᠤᠪᠢᠴᠠᠭᠠᠲᠤ ᠬᠢᠵᠠᠭᠠᠷᠲᠤ ᠺᠤᠮᠫᠠᠨᠢ ᠶᠢᠨ ᠬᠠᠮᠢᠶᠠᠲᠠᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠶᠢᠡᠷ ᠤᠲᠤᠬᠠᠨ ᠳ᠋ᠤ ᠨᠠᠮᠤᠷ ᠤᠨ ᠬᠤᠭᠤᠴᠠᠭᠠᠨ ᠤ ᠦᠶᠠᠷ ᠤᠨ ᠲᠠᠷᠤᠯᠲᠠ ᠠᠷᠢᠯᠤᠭᠠᠲᠤᠢ᠂ ᠴᠠᠭ ᠠᠭᠠᠷ ᠤᠨ ᠪᠠᠶᠢᠲᠠᠯ ᠢ ᠨᠢᠬᠲᠠ ᠠᠵᠢᠭᠯᠠᠵᠤ ᠪᠠᠶᠢᠬᠤ ᠬᠡᠷᠡᠭᠲᠡᠢ ᠭᠡᠵᠡᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120791121764280